ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠬᠢᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠶᠠᠪᠤᠴᠠ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯ ᠤᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠵᠤ᠂ ᠬᠠᠷᠢᠶᠠᠲᠤ ᠣᠷᠣᠨ ᠤ ᠠᠯᠪᠠᠨ | ᠡᠴᠠᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠬᠠᠷᠢᠴᠠᠯ 50.9% ᠶᠢ ᠡᠵᠡᠯᠡᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 86.28% ᠳᠤ | ᠬᠦᠷᠴᠡᠢ᠃ ᠡᠭᠦᠨ ᠤ ᠬᠠᠮᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ 2023 ᠣᠨ ᠤ ᠨᠡᠶᠢᠭᠡᠮ ᠲᠣᠭᠤᠷᠢᠭ ᠤᠨ | ᠪᠠᠶᠢᠩᠭᠤ ᠰᠠᠭᠤᠭ᠎ᠠ ᠬᠥᠮᠥᠨ ᠠᠮᠠ ᠪᠠ ᠨᠡᠭᠦᠳᠡᠯ ᠬᠥᠮᠥᠨᠠᠮᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ | ᠪᠡᠶᠡᠯᠡᠭᠦᠯᠵᠦ᠂ ᠢᠯᠡ ᠪᠠᠷ ᠰᠣᠷᠣᠭᠴᠢ ᠡᠯᠰᠡᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠮᠢᠴᠡ ᠣᠨᠴᠠᠯᠢᠭ | ᠪᠦᠬᠦᠢ ᠣᠯᠠᠨ ᠡᠰᠢᠲᠦ ᠬᠥᠭᠵᠢᠯᠲᠡ ᠶᠢᠨ ᠵᠠᠷᠴᠢᠮ ᠢ ᠪᠠᠷᠢᠮᠲᠠᠯᠠᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠠᠮᠢᠶᠠᠷᠤᠯᠲᠠ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ ᠬᠢᠴᠢᠶᠡᠯ ᠰᠣᠩᠭᠤᠨ ᠠᠩᠭᠢ ᠰᠢᠯᠵᠢᠬᠦ ᠵᠢᠭᠠᠨ ᠰᠤᠷᠭᠠᠯᠲᠠ᠂ | ᠰᠣᠷᠣᠭᠴᠢ ᠶᠢᠨ ᠠᠮᠢᠳᠤᠷᠠᠯ ᠤᠨ ᠲᠥᠯᠦᠪᠵᠢᠭᠦᠯᠭᠡ ᠶᠢᠨ ᠬᠢᠴᠢᠶᠡᠯ ᠤᠨ ᠪᠣᠯᠪᠠᠰᠤᠷᠠᠭᠤᠯᠤᠯ ᠳᠤ 30 ᠭᠠᠷᠤᠢ | ᠬᠥᠮᠥᠨ ᠤᠳᠠᠭ᠎ᠠ ᠣᠷᠣᠯᠴᠠᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠠᠯ᠎ᠠ ᠪᠠᠷ᠂ | ᠪᠥᠸᠧ ᠴᠧᠩ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠬᠤᠷᠴᠢᠨ ᠲᠣᠭᠤᠷᠢᠭ ᠤᠨ ᠵᠡᠪᠰᠡᠭᠲᠦ | ᠬᠦᠴᠦᠨ ᠤ ᠬᠡᠯᠲᠡᠰ ᠲᠠᠢ ᠵᠥᠪᠯᠡᠯᠴᠡᠭᠡᠷ ᠲᠣᠭᠲᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨᠬᠥ᠋ᠮᠦᠵᠢᠯ ᠤᠨ ᠤᠷᠢᠳᠴᠢᠯᠠᠨ ᠡᠯᠰᠡᠬᠦ ᠠᠩᠭᠢ ᠶᠢ ᠨᠡᠷ᠎ᠡ ᠬᠠᠳᠠᠵᠤ᠂ ᠲᠢᠶᠠᠨ ᠰᠢᠩ ᠬᠠᠢ ᠸᠠᠢ ᠬᠠᠢ | ᠪᠦᠯᠦᠭᠯᠡᠯ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠰᠤᠷᠤᠭᠴᠢᠳ ᠤᠨ ᠠᠵᠢᠯ ᠣᠯᠬᠤ ᠵᠠᠮ ᠢ | ᠲᠠᠰᠤᠷᠠᠯᠲᠠ ᠦᠭᠡᠢ ᠥᠷᠭᠡᠳᠬᠡᠨ᠎ᠡ᠃ |