ᠬᠤᠷᠴᠢᠨ ᠲᠣᠭᠤᠷᠢᠭ ᠤᠨ 2023 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/25
   9 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ ᠬᠤᠷᠴᠢᠨ ᠲᠣᠭᠤᠷᠢᠭ ᠤᠨ2023 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠪᠠᠢ ᠪᠠᠭᠠᠨ᠎ᠠ᠂ ᠶᠠᠩ ᠰᠢᠸ ᠶᠤᠸᠠᠨ᠂ ᠰᠢᠦᠢ ᠽᠧ ᠮᠢᠨ᠂ ᠶᠢᠦ ᠵᠢᠶᠦ᠋ᠨ᠂ ᠯᠢ ᠬᠤᠩ ᠪᠢᠨ᠂ ᠳ᠋ᠦ᠋ ᠯᠢ ᠵᠢᠶᠦ᠋ᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠵᠡᠷᠭᠡ 26 ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号