ᠬᠤᠷᠴᠢᠨ ᠲᠣᠭᠤᠷᠢᠭ᠄ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠴᠡᠴᠡᠭᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2023/9/25
   ᠡᠨᠡ ᠵᠢᠯ᠂ ᠬᠤᠷᠴᠢᠨ ᠲᠣᠭᠤᠷᠢᠭ ᠤᠨ ᠬᠢᠨ ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠯ ᠤᠨ ᠤᠬᠠᠭᠤᠯᠭ᠎ᠠ‌‍ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠬᠠᠭᠤᠯᠤᠨ‌‍ᠲ᠋ᠠᠶᠢᠯᠪᠤᠷᠢᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠰᠣᠯᠢᠯᠴᠠᠭ᠎ᠠ ᠶᠢ ᠦᠷᠭᠦᠯᠵᠢᠯᠡᠨ ᠥᠷᠨᠢᠭᠦᠯᠵᠦ᠂ ︽ᠤᠨᠤᠯ ᠢᠶᠠᠷ ᠬᠤᠷᠴᠢᠨ ᠢ ᠬᠠᠩᠭᠢᠨᠠᠭᠤᠯᠬᠤ︾ ᠤᠨᠤᠯ ᠤᠨ ᠤᠬᠠᠭᠤᠯᠭ᠎ᠠ ᠶᠢᠨ ᠠᠵᠢᠯ ᠤᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠲᠡᠭᠡ︶ ᠢ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠨ᠎ᠠ᠃  
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号