ᠬᠤᠷᠴᠢᠨ ᠲᠣᠭᠤᠷᠢᠭ ︽ᠥᠨᠢ ᠡᠭᠦᠷᠢᠳᠡ ᠨᠠᠮ ᠢᠶᠠᠨ ᠲᠠᠭᠠᠵᠤ· ᠬᠤᠷᠴᠢᠨ ᠢ ᠬᠠᠩᠭᠢᠨᠠᠭᠤᠯᠤᠶ᠎ᠠ︾ ᠭᠡᠬᠦ ᠬᠠᠮᠲᠤ ᠶᠢᠨ ᠳᠠᠭᠤᠤ ᠶᠢᠨ ᠤᠷᠤᠯᠳᠤᠭᠠᠨ ᠢ ᠶᠠᠪᠤᠭᠳᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ‍ᠦᠨ‌ᠣᠶ ᠶᠢ ᠪᠡᠯᠭᠡᠯᠡᠬᠦ ᠠᠵᠢᠯᠲᠠᠨ ᠠᠵᠢᠯᠴᠢᠨ ᠤ ᠨᠠᠶᠢᠷᠠᠯ ᠳᠠᠭᠤᠤ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/9/28
  9 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠲᠣᠭᠤᠷᠢᠭ ᠤᠨ ᠬᠤᠷᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠴᠠ ᠳᠠᠭᠠᠭᠠᠨ ᠡᠷᠭᠢᠯᠡᠵᠦ᠂ ᠬᠤᠷᠴᠢᠨ ᠲᠣᠭᠤᠷᠢᠭ ᠤᠨ ᠰᠣᠶᠣᠯ ᠤᠨ ᠣᠷᠳᠣᠨ  ᠠᠴᠠ ᠬᠠᠮᠵᠢᠨ ᠡᠷᠭᠢᠯᠡᠭᠰᠡᠨ ︽ᠥᠨᠢ ᠡᠭᠦᠷᠢᠳᠡ ᠨᠠᠮ ᠢᠶᠠᠨ ᠲᠠᠭᠠᠵᠤ· ᠬᠤᠷᠴᠢᠨ ᠢ ᠬᠠᠩᠭᠢᠨᠠᠭᠤᠯᠤᠶ᠎ᠠ︾ ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠣᠶ ᠶᠢ ᠪᠡᠯᠭᠡᠯᠡᠬᠦ ᠠᠵᠢᠯᠲᠠᠨ ᠠᠵᠢᠯᠴᠢᠨ ᠤ ᠨᠠᠶᠢᠷᠠᠯ ᠳᠠᠭᠤᠤ ᠶᠢᠨ ᠤᠷᠤᠯᠳᠤᠭᠠᠨ ᠶᠠᠪᠤᠭᠳᠠᠪᠠ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠬᠦᠮ ᠵᠡᠷᠭᠡ 19 ᠨᠠᠶᠢᠷᠠᠯ ᠳᠠᠭᠤᠤ ᠶᠢᠨ ᠡᠩᠨᠡᠭᠡ ᠶᠢᠨ ᠬᠢᠨ ᠨᠠᠮ᠂ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠯᠠᠭᠤᠨ ᠰᠡᠳᠬᠢᠯᠭᠡ ᠲᠠᠢ ᠪᠠᠶᠢᠬᠤ ᠪᠠᠨ ᠳᠠᠭᠤᠤ ᠶᠢᠨ ᠠᠶᠠᠰ ᠢᠶᠠᠷ ᠢᠯᠡᠳᠬᠡᠵᠡᠢ᠃ ᠲᠣᠭᠤᠷᠢᠭ ᠤᠨ ᠤᠳᠤᠷᠢᠳᠤᠯᠭ᠎ᠠ ᠥᠯᠵᠡᠢ᠂ ᠯᠢᠦ ᠰᠢᠶᠣᠣ ᠬᠤᠢ᠂ ᠵᠤᠤ ᠰᠢᠶᠣᠣ ᠶᠢᠩ᠂ ᠵᠠᠩ ᠵᠢᠶᠦ᠋ᠨ᠂ ᠵᠤᠤ ᠶᠠᠨ ᠴᠢᠦ᠂ ᠸᠠᠩ ᠱᠤᠤ ᠸᠧᠢ᠂ ᠳ᠋ᠦᠩ ᠯᠢ ᠭᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠤᠨ ᠡᠩᠨᠡᠭᠡ ᠳᠤ ᠱᠠᠩᠨᠠᠯ ᠭᠠᠷᠳᠠᠭᠤᠯᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号