ᠬᠤᠷᠴᠢᠨ ᠲᠣᠭᠤᠷᠢᠭ᠄ ︽ᠲᠦᠷᠦᠭᠦᠴᠢ ᠭᠠᠯᠠᠭᠤ︾ ᠵᠢᠭᠦᠷ ᠢᠶᠠᠨ ᠲᠡᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2023/9/28
  ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠪᠣᠯ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢ ᠬᠥᠮᠥᠵᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠂ ᠡᠨᠡ ᠨᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠦᠷᠦᠭᠦᠴᠢ ᠭᠠᠯᠠᠭᠤ︾ ᠪᠣᠯᠭᠠᠨ ᠪᠣᠶᠢᠵᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ ᠶᠢᠨ ᠲᠥᠯᠥᠭᠡ ᠶᠤᠮ᠃ 2023 ᠣᠨ ᠳᠤ᠂ ᠬᠤᠷᠴᠢᠨ ᠲᠣᠭᠤᠷᠢᠭ 14 ᠠᠵᠤ ᠦᠢᠯᠡᠰ ᠤᠨ︽ᠲᠦᠷᠦᠭᠦᠴᠢ ᠭᠠᠯᠠᠭᠤ︾ ᠶᠢ ᠭᠤᠣᠯᠳᠠᠯᠭ᠎ᠠ ᠲᠠᠢ ᠪᠣᠶᠢᠵᠢᠭᠤᠯᠵᠤ᠂ ᠪᠡᠯᠡ ᠮᠥᠩᠭᠦ ᠣᠷᠣᠭᠤᠯᠬᠤ᠂ ᠰᠢᠰᠲ᠋ᠧᠮ ᠲᠠᠢ ᠪᠣᠶᠢᠵᠢᠭᠤᠯᠬᠤ᠂ ᠶᠡᠷᠦᠩᠬᠡᠶᠢᠯᠡᠨ ᠳᠡᠮᠵᠢᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠴᠢᠳᠠᠪᠤᠷᠢᠲᠠᠨ ᠤ ᠰᠠᠭᠤᠷᠢ ᠶᠢ ᠪᠠᠲᠤᠳᠬᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号