ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠬᠤᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠶᠠᠨ ᠭᠦᠸᠧ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠵᠡᠭᠦᠨ ᠲᠡᠭᠦᠷᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠦᠩ ᠴᠢᠩ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ᠄ | ︽ᠬᠤᠷᠴᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃ | | 2023 ᠣᠨ ᠤ 9 ᠰᠠᠷ᠎ᠠ ᠶᠢᠨ 5 ᠤ ᠡᠳᠦᠷ | | ᠬᠤᠷᠴᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠲᠥᠰᠥᠯ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠦᠨᠡᠨᠬᠦ ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ ᠪᠦᠬᠦ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ︽ᠲᠦᠩᠯᠢᠶᠣᠣ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ︾ ︽ᠲᠦᠩᠯᠢᠶᠣᠣ ᠬᠤᠲᠠ ᠶᠢᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠷᠭᠡᠳᠬᠡᠨ ᠰᠠᠶᠢᠲᠤᠷ | ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠶᠣᠰᠣᠭᠠᠷ᠂ ᠲᠦᠩᠯᠢᠶᠣᠣ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠤᠨ ᠪᠠᠶᠢᠴᠠᠭᠠᠨ ᠰᠤᠳᠤᠯᠵᠤ ᠵᠢᠯᠤᠭᠤᠳᠬᠤ ᠰᠠᠨᠠᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠬᠤᠷᠴᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ | ᠪᠠᠷ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ | ᠲᠣᠪᠤᠶᠢᠯᠭᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ᠂ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ | ᠵᠠᠰᠠᠯᠲᠠ ᠶᠢᠨ ᠰᠢᠰᠲ᠋ᠧᠮᠵᠢ ᠶᠢ ᠪᠣᠶ ᠪᠣᠯᠭᠠᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠰᠢᠨ᠎ᠡ ᠪᠠᠶᠢᠳᠠᠯ ᠢ ᠡᠭᠦᠳᠬᠦ᠂ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠵᠤ᠂ | ᠬᠤᠷᠴᠢᠨ ᠲᠣᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠡᠯ᠎ᠡ ᠵᠦᠢᠯ ᠤᠨ | ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠦᠯᠬᠦ ᠶᠢ ᠪᠠᠲᠤᠯᠠᠨ᠎ᠠ᠃ | ᠬᠤᠶᠠᠷ᠂ ᠠᠵᠢᠯ ᠤᠨᠠᠷᠭ᠎ᠠ ᠬᠡᠮᠵᠢᠶ᠎ᠡ | ︵ᠨᠢᠭᠡ︶ ᠬᠤᠷᠴᠢᠨ ᠲᠣᠭᠤᠷᠢᠭ ᠤᠨ ᠬᠤᠲᠠ ᠪᠠᠯᠭᠠᠰᠤ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ | ᠲᠦᠷᠭᠡᠳᠬᠡᠨ ᠠᠬᠢᠭᠤᠯᠤᠨ᠎ᠠ | ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠮᠢᠶᠠᠷᠤᠯᠲᠠ ᠶᠢᠨ ᠲᠣᠪᠴᠢᠶ᠎ᠠ | ᠠᠵᠢᠯ ᠤᠨ ᠠᠷᠭ᠎ᠠ ᠬᠡᠮᠵᠢᠶ᠎ᠡ᠄ ᠨᠢᠭᠡ ᠳᠤ᠂ ᠬᠤᠷᠴᠢᠨ ᠲᠣᠭᠤᠷᠢᠭ ᠤᠨ ᠪᠣᠬᠢᠷᠲᠤᠯ ᠶᠡᠬᠡᠲᠡᠢ ᠰᠢᠲᠠᠭᠠᠯᠭ᠎ᠠ ᠶᠢ | ᠴᠠᠭᠠᠵᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠢᠭᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠰᠦᠪᠡᠭᠴᠢᠯᠡᠨ ᠠᠬᠢᠭᠤᠯᠵᠤ᠂ ᠣᠲᠣ ᠶᠢᠨ ᠪᠠᠶᠢᠭ᠎ᠠ | ᠨᠡᠭᠦᠷᠡᠰᠦ ᠵᠡᠷᠭᠡ ᠪᠣᠬᠢᠷᠲᠤᠯ ᠶᠡᠬᠡᠲᠡᠢ ᠰᠢᠲᠠᠭᠠᠯᠭ᠎ᠠ ᠶᠢᠨ ᠵᠤᠤᠬ᠎ᠠ ᠶᠢ ᠬᠦᠴᠦᠨ ᠦᠭᠡᠢ ᠪᠣᠯᠭᠠᠵᠤ᠂ ᠪᠣᠬᠢᠷᠲᠤᠯ | ᠶᠡᠬᠡᠲᠡᠢ ᠰᠢᠲᠠᠭᠠᠯᠭ᠎ᠠ ᠶᠢᠨ ᠵᠤᠤᠬ᠎ᠠ ᠶᠢ ᠪᠣᠷᠣᠯᠠᠭᠤᠯᠵᠤ ᠬᠡᠷᠡᠭᠯᠡᠬᠦ ᠦᠶᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ ᠬᠤᠶᠠᠷ ᠲᠤ ᠴᠢᠶᠠᠨ ᠵᠢᠶᠠ ᠳ᠋ᠢᠶᠠᠨ ᠤ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢᠨ ᠲᠥᠷᠥᠯ ᠵᠦᠢᠯ ᠤᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠢᠭᠡ | ᠪᠦᠯᠦᠭ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠰᠦᠪᠡᠭᠴᠢᠯᠡᠨ ᠠᠬᠢᠭᠤᠯᠵᠤ᠂ ᠠᠷᠠᠳ ᠤᠨ ᠲᠥᠯᠥᠭᠡ | ᠢᠯᠴᠢ ᠬᠠᠩᠭᠠᠬᠤ᠂ ᠨᠢᠰᠬᠡᠯ ᠤᠨ ᠪᠠᠭᠤᠳᠠᠯ ᠤᠨ ᠢᠯᠴᠢ ᠬᠠᠩᠭᠠᠬᠤ᠂ ᠶᠢᠨ ᠭᠠᠩ ᠤᠨ ᠢᠯᠴᠢ ᠬᠠᠩᠭᠠᠬᠤ ᠵᠡᠷᠭᠡ | ᠨᠡᠭᠦᠷᠡᠰᠦ ᠰᠢᠲᠠᠭᠠᠬᠤ ᠵᠤᠤᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠠᠷᠢᠭᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠬᠢᠬᠦ ᠪᠤᠶᠤ ᠲᠣᠣᠷ ᠲᠤ ᠨᠡᠶᠢᠯᠡᠭᠦᠯᠦᠨ ᠶᠡᠭᠡ ᠢᠯᠴᠢ ᠶᠢ ᠵᠠᠯᠭᠠᠨ ᠣᠷᠣᠭᠤᠯᠤᠨ᠎ᠠ᠃ | | ︵ᠬᠤᠶᠠᠷ︶ ᠢᠯᠴᠢ ᠬᠠᠩᠭᠠᠬᠤ ᠵᠤᠤᠬ᠎ᠠ ᠶᠢ ᠬᠥᠲᠥᠯᠥᠨ ᠵᠢᠯᠤᠭᠤᠳᠴᠤ ᠪᠠᠶᠢᠭᠠᠳ ᠤᠷᠬᠢᠯ ᠠᠴᠠ ᠨᠢ | ᠵᠥᠷᠢᠭᠦᠯᠦᠨ ᠵᠤᠤᠬ᠎ᠠ ᠨᠤᠴᠤᠭᠠᠬᠤ | ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ | ᠠᠵᠢᠯ ᠤᠨ ᠠᠷᠭ᠎ᠠ ᠬᠡᠮᠵᠢᠶ᠎ᠡ᠄ ᠬᠤᠷᠴᠢᠨ ᠲᠣᠭᠤᠷᠢᠭ ᠤᠨ ᠳᠤᠯᠠᠭᠠᠯᠭ᠎ᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ ᠶᠢᠨ ᠣᠷᠭᠢᠯ ᠢ | ᠵᠥᠷᠢᠭᠦᠯᠦᠨ ᠵᠤᠤᠬ᠎ᠠ ᠨᠤᠴᠤᠭᠠᠬᠤ ᠲᠥᠯᠥᠪᠯᠡᠭᠡ ᠶᠢ ᠲᠣᠭᠲᠠᠭᠠᠵᠤ᠂ 9 ᠳ᠋ᠦᠭᠡᠷ ᠰᠠᠷ᠎ᠠ ᠶᠢᠨ 25 ᠤ ᠡᠳᠦᠷ ᠠᠴᠠ | ᠡᠮᠦᠨ᠎ᠡ ᠲᠥᠯᠥᠪᠯᠡᠭᠡ ᠪᠠᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ︵ᠭᠤᠷᠪᠠ︶ ᠰᠢᠲᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠨᠡᠭᠦᠷᠡᠰᠦ ᠰᠢᠲᠠᠭᠠᠬᠤ ᠵᠤᠤᠬ᠎ᠠ ᠶᠢ | ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠎ᠠ | ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ᠠᠵᠢᠯ ᠤᠨ ᠠᠷᠭ᠎ᠠ ᠬᠡᠮᠵᠢᠶ᠎ᠡ᠄ ᠪᠠᠶᠢᠭᠤᠯᠤᠭᠰᠠᠨ ᠲᠣᠭᠤᠷᠢᠭ ᠵᠢᠴᠢ ᠡᠷᠬᠢᠨ ᠲᠣᠭᠤᠷᠢᠨ ᠤ ᠠᠵᠤ | ᠠᠬᠤᠶᠢᠯᠠᠯ ᠤᠨ ᠴᠡᠪᠡᠷ ᠡᠨᠧᠷᠭᠢ ᠬᠡᠷᠡᠭᠯᠡᠬᠦ ᠶᠢ ᠳᠡᠮᠵᠢᠵᠦ ᠬᠥᠲᠥᠯᠥᠨ ᠵᠢᠯᠤᠭᠤᠳᠴᠤ᠂ 65 ᠲᠣᠨ ᠠᠴᠠ ᠳᠡᠭᠡᠭᠰᠢᠬᠢ | ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ | ᠦᠷᠭᠦᠯᠵᠢᠯᠡᠨ ᠠᠬᠢᠭᠤᠯᠵᠤ᠂ ᠨᠡᠭᠦᠷᠡᠰᠦ ᠰᠢᠲᠠᠭᠠᠬᠤ ᠵᠤᠤᠬ᠎ᠠ ᠶᠢᠨ ᠣᠷᠴᠢᠨ ᠲᠣᠭᠤᠷᠢᠨ ᠤ ᠬᠢᠨᠠᠨ | ᠰᠢᠯᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠨ᠎ᠡ᠃ | ︵ᠳᠥᠷᠪᠡ︶ ᠰᠢᠲᠠᠮᠠᠬᠠᠢ ᠬᠡᠢ ᠳᠤ ᠬᠤᠯᠪᠣᠭᠳᠠᠬᠤ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ | ᠬᠠᠷᠢᠭᠤᠴᠠᠯᠭᠠᠲᠤ ᠨᠢᠭᠡᠴᠢ᠄ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ᠠᠵᠢᠯ ᠤᠨ ᠠᠷᠭ᠎ᠠ ᠬᠡᠮᠵᠢᠶ᠎ᠡ᠄ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢᠨ ᠲᠣᠪᠣᠶᠢᠮ᠎ᠠ | ᠠᠰᠠᠭᠤᠳᠠᠯ ᠳᠤ ᠴᠢᠭᠯᠡᠭᠦᠯᠦᠨ ︽ᠡᠷᠬᠢᠨ ᠬᠠᠷᠠᠬᠤ︾ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ | ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ᠂ ᠳᠤᠯᠠᠭᠠᠯᠭ᠎ᠠ ᠵᠡᠷᠭᠡ ᠰᠢᠲᠠᠮᠠᠬᠠᠢ ᠬᠡᠢ ᠳᠤ | ᠬᠤᠯᠪᠣᠭᠳᠠᠬᠤ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ | ᠬᠦᠷᠦᠭᠦᠯᠦᠨ ᠭᠠᠳᠠᠭᠰᠢᠯᠠᠭᠤᠯᠬᠤ ᠶᠢ ᠪᠠᠲᠤᠯᠠᠨ᠎ᠠ᠃ | ︵ᠲᠠᠪᠤ︶ ᠪᠠᠷᠢᠯᠭ᠎ᠠ ᠶᠢᠨ ᠭᠠᠵᠠᠷ᠂ ᠲᠡᠭᠡᠭᠡᠪᠦᠷᠢ᠂ ᠵᠠᠮ ᠤᠨ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ | ᠠᠵᠢᠯ ᠢ ᠴᠢᠩᠭᠠᠳᠬᠠᠨ᠎ᠠ | ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠠᠵᠢᠯ ᠤᠨ ᠠᠷᠭ᠎ᠠ ᠬᠡᠮᠵᠢᠶ᠎ᠡ᠄ ᠨᠢᠭᠡ ᠳᠤ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠭᠠᠵᠠᠷ ᠤᠨ | ᠲᠣᠭᠤᠰᠣ ᠰᠢᠷᠣᠢ ᠶᠢ ᠰᠡᠷᠭᠡᠶᠢᠯᠡᠨ ᠵᠠᠰᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠪᠥᠬᠦ | ᠬᠦᠴᠦᠨ ᠢᠶᠠᠷ ᠢᠶᠠᠨ ᠥᠷᠨᠢᠭᠦᠯᠦᠨ᠎ᠡ᠃ ᠬᠤᠶᠠᠷ ᠲᠤ᠂ ᠭᠤᠣᠯ ᠬᠤᠳᠠ ᠶᠢᠨ ᠲᠣᠭᠤᠷᠢᠭ ᠲᠠᠬᠢ ᠬᠤᠭ ᠲᠣᠭᠤᠰᠣ | ᠪᠤᠲᠠᠷᠬᠠᠢ ᠰᠢᠭᠠᠷᠤ ᠶᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ | ᠶᠠᠪᠤᠴᠠ ᠶᠢᠨ ︽ᠵᠢᠷᠭᠤᠭᠠᠨ ᠵᠠᠭᠤᠨ ᠤ ᠵᠠᠭᠤ︾ ᠶᠢ ᠴᠢᠩᠭ᠎ᠠ ᠬᠡᠷᠡᠭᠵᠢᠭᠦᠯᠦᠨ᠎ᠡ᠃ ᠭᠤᠷᠪᠠ ᠳᠤ᠂ ᠤᠯᠠᠨ | ᠨᠡᠶᠢᠲᠡ ᠶᠢᠨ ᠲᠠᠯᠠᠪᠤᠷ ᠵᠢᠴᠢ ᠵᠠᠮ ᠢ ᠶᠡᠷᠦᠩᠬᠡᠶᠢᠯᠡᠨ ᠴᠡᠪᠡᠷᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠮ ᠢ | ᠴᠡᠪᠡᠷᠯᠡᠵᠦ ᠤᠰᠤ ᠰᠦᠷᠴᠢᠬᠦ ᠤᠳᠠᠭ᠎ᠠ ᠶᠢ ᠳᠡᠭᠡᠭᠰᠢᠯᠡᠭᠦᠯᠵᠦ᠂ ᠨᠡᠶᠢᠲᠡ ᠶᠢᠨ ᠵᠣᠷᠯᠣᠩ᠂ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢ ᠡᠵᠡᠩᠨᠡᠵᠦ | ᠬᠠᠮᠠᠭᠠᠯᠠᠬᠤ ᠠᠵᠢᠯ ᠢ ᠰᠠᠶᠢᠲᠤᠷ ᠬᠢᠨ᠎ᠡ ᠃ | ︵ᠵᠢᠷᠭᠤᠭ᠎ᠠ︶ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠨᠢᠭᠡᠴᠢ᠄ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ | ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠵᠢᠴᠢ ᠲᠠᠷᠢᠶᠠᠯᠠᠩ ᠳᠤ | ᠬᠤᠯᠪᠣᠭᠳᠠᠬᠤ ᠵᠡᠭᠡᠯᠢ ᠭᠤᠳᠤᠮᠵᠢ | ᠠᠵᠢᠯ ᠤᠨ ᠠᠷᠭ᠎ᠠ ᠬᠡᠮᠵᠢᠶ᠎ᠡ᠄ ᠨᠢᠭᠡ ᠳᠤ᠂ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠴᠠᠭ ᠬᠤᠭᠤᠴᠠᠭ᠎ᠠ ᠶᠢᠨ ᠲᠣᠭᠤᠷᠢᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠢᠯᠡᠷᠡᠭᠦᠯᠦᠭᠰᠡᠨ ᠡᠰᠢ ᠰᠦᠷᠡᠯ ᠢ ᠰᠢᠲᠠᠭᠠᠭᠰᠠᠨ ᠰᠡᠵᠢᠭᠯᠡᠯᠲᠡᠢ ᠭᠠᠯ ᠤᠨ ᠴᠡᠭ ᠢ ᠴᠠᠭ ᠲᠤᠬᠠᠢ | ᠳᠤᠨᠢ ᠲᠣᠬᠢᠲᠠᠢ ᠰᠢᠢᠳᠪᠦᠷᠢᠯᠡᠵᠦ᠂ ᠭᠠᠯ ᠤᠨ ᠴᠡᠭ ᠶᠡᠭᠡ ᠪᠠᠷ ᠳᠡᠭᠡᠭᠰᠢᠯᠡᠬᠦ᠂ ᠠᠳᠠᠯᠢ ᠣᠷᠣᠨ ᠪᠦᠰᠡ ᠳᠤ ᠳᠠᠬᠢᠨ | ᠳᠠᠪᠲᠠᠨ ᠭᠠᠯ ᠤᠨ ᠴᠡᠭ ᠤᠨ ᠪᠠᠶᠢᠳᠠᠯ ᠭᠠᠷᠬᠤ ᠠᠴᠠ ᠵᠠᠶᠢᠯᠠᠰᠬᠢᠨ᠎ᠡ᠃ ᠬᠤᠶᠠᠷ ᠲᠤ᠂ ᠤᠬᠠᠭᠤᠯᠭ᠎ᠠ ᠶᠢ ᠥᠷᠭᠡᠨ ᠢᠶᠠᠷ | ᠥᠷᠨᠢᠭᠦᠯᠵᠦ᠂ ᠸᠢᠴᠠᠲ ᠤᠨ ᠪᠦᠯᠦᠭ ᠤᠨ ᠮᠡᠳᠡᠭᠳᠡᠯ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠠᠯᠪᠠᠨ | ᠵᠠᠷ ᠨᠠᠭᠠᠬᠤ ᠵᠡᠷᠭᠡ ᠬᠡᠯᠪᠡᠷᠢ ᠪᠠᠷ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ | ᠪᠥᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠡᠰᠢ ᠰᠦᠷᠡᠯ ᠢ ᠲᠣᠬᠢᠲᠠᠢ | ᠰᠢᠢᠳᠪᠦᠷᠢᠯᠡᠬᠦ ᠦᠵᠡᠯ ᠤᠬᠠᠮᠰᠠᠷ ᠢ ᠪᠣᠶ ᠪᠤᠯᠭᠠᠨ᠎ᠠ᠃ | ︵ᠲᠤᠯᠤᠭ᠎ᠠ︶ ᠠᠭᠠᠷ ᠮᠠᠨᠳᠠᠯ ᠢ ᠬᠢᠨᠠᠨ ᠬᠡᠮᠵᠢᠬᠦ ᠲᠢᠩᠰᠡ ᠶᠢᠨ ᠡᠷᠬᠢᠨ ᠲᠣᠭᠤᠷᠢᠨ ᠤ ᠣᠷᠴᠢᠨ | ᠲᠣᠭᠤᠷᠢᠨ ᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ | ᠬᠠᠷᠢᠭᠤᠴᠠᠯᠭᠠᠲᠤ ᠨᠢᠭᠡᠴᠢ᠄ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠵᠡᠭᠦᠨ ᠲᠡᠭᠦᠷᠭᠡ ᠵᠡᠭᠡᠯᠢ ᠭᠤᠳᠤᠮᠵᠢ᠂ ᠶᠦᠩ ᠴᠢᠩ ᠵᠡᠭᠡᠯᠢ ᠭᠤᠳᠤᠮᠵᠢ | ᠠᠵᠢᠯ ᠤᠨ ᠠᠷᠭ᠎ᠠ ᠬᠡᠮᠵᠢᠶ᠎ᠡ᠄ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ᠂ ᠳ᠋ᠦᠩ ᠹᠠᠩ ᠮᠢᠩ ᠵᠦ | ᠨᠡᠶᠢᠭᠡᠮ ᠲᠣᠭᠤᠷᠢᠭ ᠤᠨ ᠤᠯᠤᠰ ᠠᠴᠠ ᠡᠵᠡᠮᠳᠡᠬᠦ ᠠᠭᠠᠷ ᠮᠠᠨᠳᠠᠯ ᠤᠨ ᠬᠢᠨᠠᠨ ᠬᠡᠮᠵᠢᠬᠦ ᠲᠢᠩᠰᠡ ᠳᠤ ᠴᠢᠭᠯᠡᠭᠦᠯᠦᠨ᠂ | ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ | ᠃ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠡᠭᠡᠭᠡᠪᠦᠷᠢ ᠶᠢᠨ ᠲᠣᠭᠤᠰᠣ ᠳᠡᠭᠳᠡᠬᠦ ᠶᠢ | ᠬᠢᠨᠠᠨ ᠬᠠᠮᠢᠶᠠᠷᠬᠤ ᠶᠢ ᠬᠠᠷᠢᠭᠤᠴᠠᠵᠤ᠂ ᠪᠦᠲᠡᠭᠡᠯᠭᠡ ᠶᠢᠨ ᠬᠡᠷᠡᠭᠯᠡᠯᠲᠡ ᠵᠢᠷᠤᠮᠵᠢᠯ ᠦᠭᠡᠢ᠂ ᠲᠡᠷᠭᠡ ᠬᠥᠰᠬᠡ ᠶᠢ | ᠨᠢᠭᠲᠠ ᠪᠢᠲᠡᠭᠦᠮᠵᠢᠯᠡᠭᠰᠡᠨ ᠦᠭᠡᠢ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠭᠰᠡᠨ | ᠬᠤᠭ ᠰᠢᠷᠣᠢ ᠲᠡᠭᠡᠭᠡᠪᠦᠷᠢᠯᠡᠬᠦ ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠵᠦ᠂ ᠪᠠᠷᠢᠯᠭ᠎ᠠ ᠶᠢᠨ ᠭᠠᠵᠠᠷ ᠤᠨ | ᠲᠣᠭᠤᠰᠣ ᠳᠡᠭᠳᠡᠬᠦ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠂ ᠬᠢᠨᠠᠨ ᠬᠡᠮᠵᠢᠬᠦ ᠲᠢᠩᠰᠡ ᠶᠢᠨ ᠡᠷᠬᠢᠨ | ᠲᠣᠭᠤᠷᠢᠨ ᠤ ᠵᠠᠮ ᠢ ᠴᠡᠪᠡᠷᠯᠡᠵᠦ ᠤᠰᠤ ᠰᠦᠷᠴᠢᠬᠦ ᠤᠳᠠᠭ᠎ᠠ ᠶᠢ ᠳᠡᠭᠡᠭᠰᠢᠯᠡᠭᠦᠯᠦᠨ᠎ᠡ︔ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠪᠠᠷᠢᠯᠭ᠎ᠠ ᠶᠢᠨ ᠭᠠᠵᠠᠷ ᠤᠨ | ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠠᠷᠢᠯᠭ᠎ᠠ ᠶᠢᠨ ᠠᠵᠢᠯ ᠤᠨ | ᠶᠠᠪᠤᠴᠠ ᠶᠢᠨ ︽ᠵᠢᠷᠭᠤᠭᠠᠨ ᠵᠠᠭᠤᠨ ᠤ ᠵᠠᠭᠤ︾ ᠶᠢ ᠪᠠᠲᠤᠯᠠᠨ᠎ᠠ᠃ ᠲᠣᠭᠤᠷᠢᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠨᠢ ᠠᠭᠠᠷ ᠤᠨ ᠶᠠᠰᠤ ᠴᠢᠨᠠᠷ ᠤᠨ ᠪᠠᠶᠢᠳᠠᠯ ᠢ ᠴᠠᠭ ᠲᠤᠬᠠᠢ ᠳᠤᠨᠢ | ᠡᠵᠡᠮᠰᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠠᠶᠢᠲᠤᠷ ᠨᠡᠪᠲᠡᠷᠡᠯᠴᠡᠵᠦ | ᠬᠠᠷᠢᠯᠴᠠᠨ᠎ᠠ᠃ ᠵᠡᠭᠦᠨ ᠲᠡᠭᠦᠷᠭᠡ ᠵᠡᠭᠡᠯᠢ ᠭᠤᠳᠤᠮᠵᠢ᠂ ᠶᠦᠩ ᠴᠢᠩ ᠵᠡᠭᠡᠯᠢ ᠭᠤᠳᠤᠮᠵᠢ ᠨᠢ ᠡᠷᠬᠢᠨ ᠲᠣᠭᠤᠷᠢᠨ ᠤ | ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠵᠤ᠂ ᠰᠢᠲᠠᠭᠠᠬᠤ᠂ ᠲᠣᠭᠤᠰᠣ ᠳᠡᠭᠳᠡᠬᠦ ᠵᠡᠷᠭᠡ | ᠠᠭᠠᠷ ᠤᠨ ᠶᠠᠰᠤ ᠴᠢᠨᠠᠷ ᠢ ᠨᠥᠯᠥᠭᠡᠯᠡᠬᠦ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠰᠢᠢᠳᠪᠦᠷᠢᠯᠡᠨ᠎ᠡ᠃ | ᠭᠤᠷᠪᠠ᠂ ᠠᠵᠢᠯ ᠤᠨ ᠲᠣᠬᠢᠷᠠᠭᠤᠯᠤᠯᠲᠠ | ︵ᠨᠢᠭᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠨᠦᠭᠦᠳ | ᠬᠦᠴᠦᠨ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠤᠷᠴᠢᠨ ᠲᠣᠭᠤᠷᠢᠭ ᠤᠨ ᠬᠡᠪᠴᠢᠶᠡᠨ ᠳᠣᠲᠣᠷ᠎ᠠ ᠪᠤᠶᠤ ᠲᠣᠰ | ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠬᠠᠮᠲᠤᠷᠠᠨ ᠵᠢᠭᠰᠠᠭᠠᠨ ᠪᠠᠶᠢᠴᠠᠭᠠᠵᠤ᠂ | ᠬᠥᠳᠡᠯᠦᠩᠭᠦᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ᠂ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ | ᠥᠭᠡᠷᠡᠴᠢᠯᠡᠵᠦ ᠪᠣᠯᠬᠤ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠬᠤ ᠶᠢᠨ ᠳᠠᠭᠠᠤ | ᠰᠠᠶᠢᠵᠢᠷᠠᠭᠤᠯᠤᠨ᠎ᠠ᠃ | ︵ᠬᠤᠶᠠᠷ︶ ᠲᠥᠪᠯᠡᠷᠡᠭᠦᠯᠦᠨ ᠪᠤᠭᠤᠮᠲᠠ ᠰᠢᠪᠲᠤᠯᠬᠤ᠃ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠡᠯ᠎ᠡ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ᠂ ᠨᠠᠷᠢᠨ ᠬᠠᠭᠤᠳᠠᠰᠤ ᠶᠢᠨ ᠳᠣᠲᠣᠷᠠᠬᠢ | ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠰᠤᠳᠤᠯᠤᠨ ᠮᠠᠭᠠᠳᠯᠠᠬᠤ᠂ | ᠠᠬᠢᠭᠤᠯᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠪᠯᠡᠷᠡᠭᠦᠯᠦᠨ ᠪᠣᠭᠤᠮᠲᠠ | ᠰᠢᠪᠲᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠡᠯ᠎ᠡ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠪᠠᠶᠢᠩᠭᠤᠵᠢᠭᠤᠯᠤᠨ ᠬᠠᠮᠢᠶᠠᠷᠤᠨ | ᠡᠵᠡᠮᠳᠡᠬᠦ ᠶᠢ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠂ ᠠᠰᠠᠭᠤᠳᠠᠯ ᠳᠤ ᠳᠠᠬᠢᠨ ᠢᠯᠡᠷᠡᠬᠦ ᠦᠵᠡᠭᠳᠡᠯ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠭᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ | ᠱᠠᠲᠤᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ | ᠢᠳᠡᠪᠬᠢᠲᠡᠢ ᠮᠥᠷᠳᠡᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠲᠠᠨᠢᠯᠲᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ | ᠬᠠᠷᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠪᠠᠨ | ᠤᠶᠠᠯᠳᠤᠭᠤᠯᠤᠨ ᠠᠷᠭᠠᠴᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ | ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠭᠦᠨᠵᠡᠭᠡᠢ ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ | ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠨᠢᠭᠲᠠ ᠬᠠᠮᠵᠢᠯᠴᠠᠨ᠂ | ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠪᠣᠳᠠᠲᠠᠶᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠳᠠᠯᠠᠨ᠎ᠠ᠃ ᠡᠨᠡᠬᠦ ᠠᠵᠢᠯ ᠪᠣᠯ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠬᠢᠨᠠᠨ ᠰᠢᠯᠭᠠᠯᠲᠠ ᠳᠠᠬᠢ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠬᠢᠨᠠᠨ ᠰᠢᠯᠭᠠᠵᠤ ᠦᠨᠡᠯᠡᠬᠦ ᠴᠢᠬᠤᠯᠠ ᠡᠯᠧᠮᠧᠨ᠋ᠲ | ᠪᠣᠯᠣᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠲᠣᠰ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠬᠤᠯᠪᠣᠭᠳᠠᠯ ᠪᠦᠬᠦᠢ ᠠᠵᠢᠯ ᠢ ᠢᠳᠡᠪᠬᠢᠲᠡᠢ ᠥᠷᠨᠢᠭᠦᠯᠵᠦ᠂ ᠠᠬᠢᠴᠠ ᠨᠢ ᠤᠳᠠᠭᠠᠨ᠂ ᠠᠵᠢᠯ ᠨᠢ ᠬᠦᠴᠦᠨ ᠦᠭᠡᠢ | ᠪᠠᠶᠢᠪᠠᠯ᠂ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ | ᠭᠡᠷ ᠠᠴᠠ ᠵᠠᠷᠯᠠᠨ ᠮᠡᠳᠡᠭᠳᠡᠨ᠎ᠡ᠃ | |