ᠬᠤᠷᠴᠢᠨ ᠲᠣᠭᠤᠷᠢᠭ᠄ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠣᠯᠪᠠᠰᠤᠨ ᠵᠣᠯ ᠵᠢᠷᠭᠠᠯᠲᠤ ᠬᠤᠲᠠ ᠶᠢ ᠬᠦᠴᠦᠯᠡᠨ ᠴᠣᠭᠴᠠᠯᠠᠨ᠎ᠠ
ᠨᠡᠶᠢᠲᠡᠯᠡᠭᠰᠡᠨ ᠴᠠᠭ᠄
2024/1/10
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠢᠮᠠᠭᠲᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠴᠥᠬᠦᠷᠡᠰᠢ ᠦᠭᠡᠢ ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠵᠤ᠂ ᠬᠤᠳᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠠᠮᠢᠶᠠᠷᠤᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠳᠡ ᠦᠭᠡᠢ ᠳᠡᠭᠡᠭᠰᠢᠯᠡᠵᠡᠢ᠃ 2023 ᠣᠨ ᠳᠤ᠂ ᠬᠤᠷᠴᠢᠨ ᠲᠣᠭᠤᠷᠢᠭ ᠲᠤ ᠬᠤᠲᠠ ᠶᠢᠨ ᠵᠠᠮ ᠤᠨ ᠲᠣᠣᠷ ᠢ ᠲᠡᠭᠦᠯᠳᠡᠷᠵᠢᠭᠦᠯᠬᠦ ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠨᠡᠶᠢᠲᠡ 11 ᠬᠡᠷᠡᠭᠵᠢᠭᠦᠯᠪᠡ᠃ ︽ᠤᠭᠤᠲᠠ ᠴᠡᠴᠡᠷᠯᠢᠭ︾ ᠵᠢᠴᠢ ᠵᠢᠵᠢᠭ ᠪᠢᠴᠢᠯ ᠨᠣᠭᠤᠭᠠᠨ ᠭᠠᠵᠠᠷ ᠢ 10 ᠪᠠᠶᠢᠭᠤᠯᠵᠤ᠂ 53 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠪᠠ 73 ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠲᠡ ᠶᠢᠨ ᠲᠡᠷᠭᠡ ᠵᠣᠭᠰᠣᠬᠤ ᠭᠠᠵᠠᠷ ᠢ 624 ᠰᠢᠨ᠎ᠡ ᠪᠠᠷ ᠨᠡᠮᠡᠭᠳᠡᠭᠦᠯᠵᠦ᠂ ᠲᠡᠷᠭᠡᠨ ᠵᠠᠮ ᠢ 24164 ᠲᠡᠭᠰᠢ ᠳᠥᠷᠪᠡᠯᠵᠢᠨ ᠮᠧᠲᠷ᠂ ᠶᠠᠪᠠᠭᠠᠨ ᠬᠥᠮᠥᠨ ᠤ ᠵᠠᠮ ᠢ 11252 ᠲᠡᠭᠰᠢ ᠳᠥᠷᠪᠡᠯᠵᠢᠨ ᠮᠧᠲᠷ᠂ ᠵᠢᠵᠢᠭ ᠵᠡᠭᠡᠯᠢ ᠭᠤᠳᠤᠮᠵᠢ ᠶᠢ 244 ᠲᠡᠭᠰᠢ ᠳᠥᠷᠪᠡᠯᠵᠢᠨ ᠮᠧᠲᠷ᠂ ᠬᠥᠭᠦᠷᠭᠡ ᠶᠢ 5114 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号