ᠬᠤᠷᠴᠢᠨ ᠲᠣᠭᠤᠷᠢᠭ᠄ ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/1/2
      2023 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠲᠦᠷᠭᠡᠳᠬᠡᠬᠦ ᠂ ᠬᠠᠷᠢᠯᠴᠠᠨ ᠴᠡᠴᠡᠭᠯᠡᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ᠃ ᠬᠤᠷᠴᠢᠨ ᠲᠣᠭᠤᠷᠢᠭ ᠤᠨ ︽ᠬᠤᠸᠠᠩ ᠱᠦᠢ ᠲᠢᠶᠠᠨ ᠮᠦ︾ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠤᠨ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠴᠢᠨᠠᠷ ᠰᠠᠶᠢᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ  ᠪᠡᠷ ᠲᠥᠬᠦᠭᠡᠷᠦᠮᠵᠢᠲᠦ ᠲᠠᠷᠢᠶᠠᠯᠠᠩ ᠤᠨ ᠳᠡᠰ ᠳᠡᠪᠰᠢᠬᠦ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠳᠠᠶᠢᠴᠢᠯᠠᠬᠤ ᠶᠢ ᠠᠬᠢᠭᠤᠯᠤᠨ᠎ᠠ︔ ᠶᠢᠨ ᠯᠥᠸᠧ᠂ ᠰᠢᠨ ᠰᠢᠤᠸᠠᠨ᠂ ᠴᠢ ᠶᠤᠸᠠᠨ ᠵᠡᠷᠭᠡ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ ᠨᠡᠪᠲᠡᠷᠡᠯᠴᠡᠭᠡ ᠶᠢ ᠴᠢᠩᠭᠠᠳᠬᠠᠵᠤ᠂ ᠰᠡᠭᠦᠯᠴᠢ ᠶᠢᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠪᠠᠷ ᠬᠡᠪᠴᠢᠶᠡᠵᠢᠭᠦᠯᠦᠨ ᠪᠣᠷᠳᠣᠵᠤ ᠲᠠᠷᠭᠤᠯᠠᠭᠤᠯᠬᠤ᠂ ᠠᠯᠠᠵᠤ ᠨᠢᠲᠤᠯᠵᠤ ᠡᠳ᠋ᠰᠢᠭᠦᠯᠬᠦ᠂ ᠢᠳᠡᠭᠡᠨ ᠤ ᠵᠦᠢᠯ ᠤᠨ ᠡᠳ᠋ᠰᠢᠭᠦᠯᠦᠯᠲᠡ ᠶᠢᠨ ︽ᠭᠤᠷᠪᠠᠨ ᠰᠢᠪᠲᠤᠯᠤᠯᠲᠠ︾ ᠶᠢ ᠪᠡᠶᠡᠯᠡᠭᠦᠯᠬᠦ ᠶᠢ ᠳᠠᠶᠢᠴᠢᠯᠠᠨ᠎ᠠ᠃ ᠡᠭᠦᠨ ᠤ ᠬᠠᠮᠲᠤ᠂ ᠤᠲ᠋ᠥᠯᠠᠶᠢᠰ᠂ ᠳ᠋ᠠ ᠷᠦᠨ ᠹᠠ ᠶᠢ ᠨᠢᠭᠲᠠ ᠵᠣᠯᠭᠠᠭᠤᠯᠵᠤ ᠰᠢᠨ᠎ᠡ ᠬᠤᠳᠠᠯᠳᠤᠭᠠᠨ ᠤ ᠲᠣᠭᠤᠷᠢᠭ ᠢ ᠪᠠᠶᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ  ᠤ ᠠᠷᠠᠯᠵᠢᠶ᠎ᠠ᠂ ᠴᠢᠯᠠᠭᠤᠨ ᠮᠠᠲ᠋ᠧᠷᠢᠶᠠᠯ ᠪᠠᠷᠢᠯᠭ᠎ᠠ ᠶᠢᠨ ᠮᠠᠲ᠋ᠧᠷᠢᠶᠠᠯ᠂ ᠡᠩᠬᠦᠷᠡᠢ ᠠᠮᠢᠲᠠᠨ ᠴᠡᠴᠡᠭ ᠡᠪᠡᠰᠦ ᠵᠡᠷᠭᠡ ᠲᠤᠰᠬᠠᠢ ᠵᠠᠬ᠎ᠠ ᠳᠡᠯᠭᠡᠭᠦᠷ ᠤᠨ ᠬᠤᠭᠤᠰᠤᠨ ᠢ ᠲᠦᠷᠭᠡᠨ ᠨᠥᠬᠦᠪᠦᠷᠢᠯᠡᠵᠦ᠂ ᠱᠧᠨ ᠲᠦᠩ ᠬᠤᠶᠠᠳᠤᠭᠠᠷ ᠬᠤᠭᠤᠴᠠᠭᠠᠨ ᠤ ᠡᠭᠦᠯᠡᠨ  ᠬᠥᠮᠥᠷᠭᠡ᠂ ᠮᠥᠭᠳᠡᠨ ᠤ ᠳ᠋ᠠ ᠰᠢᠶᠠᠩ ᠬᠦᠢᠲᠡᠨ ᠬᠡᠯᠬᠢᠶᠡᠲᠦ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠳ᠋ᠠᠯᠢᠶᠠᠨ ᠭᠠᠷᠠᠮ᠂ ᠱᠠᠨᠳᠦ᠋ᠩ ᠤᠨ ᠪᠠᠷᠠᠭᠤᠨ ᠡᠮᠦᠨᠡᠲᠦ ᠶᠢᠨ ᠲᠣᠭᠠᠴᠢᠯᠠᠭᠰᠠᠨ ᠭᠠᠷᠠᠮ ᠵᠡᠷᠭᠡ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠵᠤ᠂ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠲᠥᠷᠥᠯ ᠵᠦᠢᠯ ᠤᠨ ᠡᠵᠡᠩᠨᠡᠯᠲᠡ ᠶᠢ ᠡᠬᠢᠯᠡᠭᠦᠯᠵᠦ᠂ ᠭᠠᠳᠠᠭᠠᠳᠤ ᠪᠡᠯᠡ᠂ ᠭᠠᠳᠠᠭᠠᠳᠤ ᠠᠷᠠᠯᠵᠢᠶ᠎ᠠ ᠶᠢᠨ ᠬᠤᠯᠪᠣᠬᠤ ᠵᠠᠮ ᠢ ᠨᠡᠪᠲᠡᠷᠡᠭᠦᠯᠦᠨ᠎ᠡ᠃ ᠡᠭᠦᠨ ᠠᠴᠠ ᠭᠠᠳᠠᠨ᠎ᠠ᠂ ᠣᠷᠣᠨ ᠪᠦᠰᠡ ᠶᠢᠨ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ ᠰᠡᠯᠡᠭᠦᠴᠡᠯ ᠰᠤᠪᠢᠯᠠᠯᠲᠠ ᠠᠮᠠᠷᠠᠯᠲᠠ ᠶᠢᠨ ᠰᠠᠭᠤᠷᠢᠨ ᠢ ᠪᠠᠶᠢᠭᠤᠯᠬᠤ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠭᠤᠣᠯ ᠤᠨ ᠬᠥᠪᠡᠭᠡᠨ ᠤ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ᠂ ᠢᠦᠢ ᠯᠦᠩ ᠳ᠋ᠠᠨ ᠴᠢᠩ ᠰᠤᠪᠢᠯᠠᠯᠲᠠ ᠶᠢᠨ ᠪᠠᠯᠭᠠᠰᠤ᠂ ᠣᠶᠤᠨᠲᠤ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠰᠠᠭᠤᠷᠢᠰᠢᠬᠤ ᠶᠢ ᠪᠦᠬᠦ ᠲᠠᠯ᠎ᠠ ᠪᠠᠷ ᠪᠠᠲᠤᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号