ᠬᠤᠷᠴᠢᠨ ᠲᠣᠭᠤᠷᠢᠭ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/1/3
      2023 ᠣᠨ ᠳᠤ᠂ ᠬᠤᠷᠴᠢᠨ ᠲᠣᠭᠤᠷᠢᠭ ᠤᠨ ᠬᠢᠨ ᠲᠦᠩᠯᠢᠶᠣᠣ ᠬᠤᠲᠠ ᠶᠢᠨ ᠬᠤᠰᠢᠭᠤ ᠰᠢᠶᠠᠨ ᠤ ᠲᠠᠰ ᠳᠠᠪᠬᠤᠷᠭ᠎ᠠ ᠶᠢᠨ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ ᠦᠷ᠎ᠡ ᠪᠦᠲᠦᠮᠵᠢ ᠣᠯᠪᠠ᠃ ᠡᠭᠦᠨ ᠤ ᠬᠠᠮᠲᠤ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠵᠤ᠂ ᠬᠤᠶᠠᠷ ᠢ ᠡᠯᠰᠡᠵᠦ ᠬᠤᠶᠠᠷ ᠢ ᠲᠠᠲᠠᠬᠤ ᠲᠠᠨᠢᠯᠴᠠᠭᠤᠯᠭ᠎ᠠ ᠶᠢᠨ ᠬᠤᠷᠠᠯ᠂ ᠮᠡᠷᠭᠡᠵᠢᠯ ᠰᠢᠯᠵᠢᠭᠦᠯᠬᠦ ᠲᠥᠪ ᠢ ᠬᠠᠮᠲᠤ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠠᠮᠲᠤᠷᠠᠨ ᠠᠵᠢᠯᠯᠠᠬᠤ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠨ᠎ᠡ᠃ ᠡᠭᠦᠨ ᠠᠴᠠ ᠭᠠᠳᠠᠨ᠎ᠠ᠂ ᠬᠤᠷᠴᠢᠨ ᠲᠣᠭᠤᠷᠢᠭ ᠤᠨ ᠬᠢᠨ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠣᠶᠢᠵᠢᠭᠤᠯᠬᠤ ᠶᠢ ᠴᠢᠩᠭᠠᠳᠬᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠪᠡ᠃ ᠣᠲᠣ ᠪᠣᠯᠲᠠᠯ᠎ᠠ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ 19᠂ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 2᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 2᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 2 ᠰᠢᠨ᠎ᠡ ᠪᠠᠷ ᠨᠡᠮᠡᠭᠳᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号