ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠬᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠰᠦᠯᠵᠢᠶᠡᠨ ᠳᠡᠭᠡᠷ᠎ᠡ ᠭᠤᠶᠤᠴᠢᠯᠠᠨ | ᠮᠡᠳᠡᠭᠦᠯᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠴᠠᠭ | ᠬᠢᠵᠠᠭᠠᠷᠯᠠᠨ ᠭᠦᠢᠴᠡᠳᠬᠡᠵᠦ ᠳᠠᠭᠤᠰᠬᠠᠬᠤ᠂ ᠪᠥᠬᠦ ᠶᠠᠪᠤᠴᠠ ᠳᠤ ᠬᠢᠨᠠᠨ ᠬᠠᠮᠢᠶᠠᠷᠬᠤ︾ ᠦᠢᠯᠡᠴᠢᠯᠡᠭᠡᠨ ᠤ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠪᠡ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ | ᠲᠠᠪᠴᠠᠩ ᠢᠶᠠᠷ ᠳᠡᠮᠵᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠳᠠᠩᠰᠠᠯᠠᠭᠤᠯᠤᠭᠰᠠᠨ ᠲᠥᠷᠥᠯ ᠵᠦᠢᠯ | ᠨᠡᠶᠢᠲᠡ 294 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1400 ᠳ᠋ᠦᠩᠰᠢᠭᠤᠷ ᠲᠥᠭᠦᠷᠢᠭ | ᠬᠦᠷᠴᠡᠢ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠥᠷᠥᠯ ᠵᠦᠢᠯ 249 | ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 65 ᠳ᠋ᠦᠩᠰᠢᠭᠤᠷ ᠲᠥᠭᠦᠷᠢᠭ ᠲᠤ ᠬᠦᠷᠴᠡᠢ᠃ 2023 | ᠣᠨ ᠳᠤ᠂ ᠬᠤᠷᠴᠢᠨ ᠲᠣᠭᠤᠷᠢᠭ ᠤᠨ ᠬᠢᠨ ᠪᠡᠯᠡ ᠣᠷᠣᠭᠤᠯᠵᠤ ᠳᠠᠭᠠᠭᠠᠴᠢᠯᠠᠯᠲᠠ ᠵᠠᠷᠯᠠᠬᠤ ᠬᠦᠷᠢᠶᠡᠨ ᠳᠠᠬᠢ | ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ | ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠶᠢ | ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠪᠥᠬᠦ ᠲᠣᠭᠤᠷᠢᠭ ᠤᠨ 258 ᠳᠠᠭᠠᠭᠠᠴᠢᠯᠠᠯᠲᠠ ᠬᠦᠯᠢᠶᠡᠬᠦ ᠠᠵᠤ | ᠠᠬᠤᠶᠢᠯᠠᠯ ᠳᠤ ᠨᠡᠶᠢᠲᠡ 7284 ᠲᠦᠮᠡᠨ ᠲᠥᠭᠦᠷᠢᠭ ᠠᠷᠪᠢᠯᠠᠵᠤ ᠥᠭᠴᠡᠢ᠃ ᠡᠭᠦᠨ ᠠᠴᠠ ᠭᠠᠳᠠᠨ᠎ᠠ᠂ | ᠲᠣᠭᠤᠷᠢᠭ ᠲᠤ ᠰᠠᠭᠤᠭ᠎ᠠ ᠡᠯ᠎ᠡ ᠪᠠᠩᠬᠢ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ︽ᠦᠬᠡᠷ ᠲᠡᠵᠢᠭᠡᠬᠦ ᠡᠷᠦᠭᠡ | ᠳᠤ ᠠᠰᠢᠭ ᠬᠦᠷᠲᠡᠭᠡᠬᠦ ᠵᠢᠭᠡᠯᠡᠯᠭᠡ︾ ︽ᠬᠤᠳᠠᠯᠳᠤᠭᠠᠨ ᠤ ᠦᠢᠯᠡᠰ ᠢ ᠬᠥᠭᠵᠢᠭᠦᠯᠬᠦ ᠵᠢᠭᠡᠯᠡᠯᠭᠡ︾ ︽ᠬᠤᠲᠠ ᠶᠢᠨ | ᠲᠦᠷᠭᠡᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠭᠠᠷᠭᠠᠵᠤ᠂ ᠪᠠᠰᠠ ᠬᠦᠦ ᠮᠥᠩᠭᠦ ᠶᠢᠨ | ᠨᠣᠷᠮ᠎ᠠ ᠶᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ ᠪᠠᠷ ᠰᠠᠭᠤᠷᠢ | ᠪᠠᠷᠢᠮᠵᠢᠶ᠎ᠠ ᠪᠣᠯᠭᠠᠭᠰᠠᠨ ᠵᠦᠢ ᠵᠣᠬᠢᠰᠲᠠᠢ ᠣᠷᠣᠨ ᠵᠠᠢ ᠪᠣᠯᠭᠠᠨ ᠰᠢᠯᠢᠳᠡᠭᠵᠢᠭᠦᠯᠵᠦ᠂ ᠬᠠᠮᠤᠭ ᠤᠨ ᠶᠡᠭᠡ | ᠬᠡᠪᠴᠢᠶ᠎ᠡ ᠪᠠᠷ᠂ ᠬᠠᠮᠤᠭ ᠤᠨ ᠶᠡᠭᠡ ᠬᠡᠮᠵᠢᠶ᠎ᠡ ᠪᠠᠷ᠂ ᠬᠠᠮᠤᠭ ᠤᠨ ᠶᠡᠭᠡ ᠠᠰᠢᠭ ᠲᠤᠰᠠ ᠪᠠᠷ ᠠᠵᠤ ᠠᠬᠤᠶᠢᠯᠠᠯ ᠳᠤ | ᠲᠥᠬᠦᠮ ᠦᠵᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠨ᠎ᠡ᠃ |