2023 ᠣᠨ ᠳᠤ᠂ ᠬᠤᠷᠴᠢᠨ ᠲᠣᠭᠤᠷᠢᠭ ᠤᠨ ᠬᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠡᠪᠦᠯ ᠤᠨ ᠤᠯᠠᠷᠢᠯ ᠤᠨ ᠭᠠᠯ ᠢ | ᠰᠡᠷᠭᠡᠶᠢᠯᠡᠬᠦ᠂ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠪᠦᠯ ᠤᠨ ᠤᠯᠠᠷᠢᠯ ᠤᠨ ᠭᠠᠯ | ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠪᠡ᠃ ᠬᠤᠷᠴᠢᠨ ᠲᠣᠭᠤᠷᠢᠭ ᠤᠨ ᠬᠢᠨ | ᠰᠠᠭᠤᠭᠠᠯᠢ ᠠᠷᠠᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ᠂ ᠠᠶᠤᠯ ᠲᠦᠭᠰᠢᠭᠦᠷᠢ ᠶᠢᠨ | ᠤᠬᠠᠮᠰᠠᠷ ᠤᠨ ᠲᠣᠭᠤᠷᠢᠨ ᠳᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ | ᠴᠢᠩᠭᠠᠷᠠᠭᠤᠯᠤᠨ᠂ ᠭᠠᠯ ᠰᠡᠷᠭᠡᠶᠢᠯᠡᠯᠲᠡ ᠶᠢᠨ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ᠂ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ᠂ ᠡᠭᠦᠳᠡ ᠲᠣᠭᠰᠢᠵᠤ ᠡᠷᠦᠬᠡ ᠳᠤ | ᠣᠷᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨᠴᠢ ᠴᠢᠨᠠᠷᠲᠠᠢ ᠭᠠᠯ ᠤᠨᠲᠠᠷᠠᠭᠠᠬᠤ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠭᠤᠣᠯ | ᠴᠣᠭᠴᠠ ᠶᠢᠨ ᠭᠠᠯ ᠤᠨ ᠠᠶᠤᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠨ᠎ᠠ᠃ |