1 ᠰᠠᠷ᠎ᠠ ᠶᠢᠨ 8 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2023 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ | ᠶᠠᠷᠢᠯᠴᠠᠬᠤ ᠬᠤᠷᠠᠯ ᠬᠢᠪᠡ᠃ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ | ᠰᠤᠷᠤᠯᠴᠠᠯᠭ᠎ᠠ ᠬᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ | ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠴᠢᠨᠠᠷ | ᠰᠠᠶᠢᠲᠠᠢ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠨ᠎ᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ |