ᠬᠤᠷᠴᠢᠨ ᠲᠣᠭᠤᠷᠢᠭ᠄ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/1/9
      2023 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ︽ᠶᠠᠪᠤᠳᠠᠯ ᠦᠭᠡᠢ ᠪᠣᠯ ᠬᠠᠷᠰᠢᠯᠠᠬᠤ ᠦᠭᠡᠢ ︾ ᠡᠵᠡᠩᠨᠡᠯᠲᠡ ᠶᠢᠨ ᠲᠠᠸᠠᠷ ᠤᠨ ᠫᠠᠶᠢᠰᠠ ᠶᠢ ᠬᠦᠴᠦᠯᠡᠨ ᠪᠣᠶ ᠪᠣᠯᠭᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠤᠷᠴᠢᠨ ᠲᠣᠭᠤᠷᠢᠭ ︽ᠵᠠᠭᠤᠨ ᠬᠠᠤᠯᠢ ᠶᠢᠨ ᠲᠤᠰᠢᠶᠠᠯᠲᠠᠨ ᠢ ᠵᠠᠭᠤᠨ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠣᠬᠢᠶᠠᠯᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠵᠤ᠂ ᠤᠷᠢᠳ ᠬᠤᠵᠢᠳ 60 ᠠᠵᠤ ᠠᠬᠤᠶᠢᠯᠠᠯ ᠢ ᠰᠤᠷᠪᠤᠯᠵᠢᠯᠠᠵᠤ᠂ 34 ᠵᠦᠢᠯ ᠤᠨ ᠰᠠᠨᠠᠯ ᠰᠠᠨᠠᠭᠤᠯᠭ᠎ᠠ ᠬᠤᠷᠢᠶᠠᠵᠤ᠂ 21 ᠪᠣᠳᠠᠲᠠᠢ ᠠᠰᠠᠭᠤᠳᠠᠯ ᠢ ᠢᠯᠡᠷᠡᠭᠦᠯᠦᠭᠰᠡᠨ ᠪᠥᠭᠡᠳ ᠰᠢᠢᠳᠪᠦᠷᠢᠯᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号