ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠦᠬᠦ ᠲᠣᠭᠤᠷᠢᠭ ᠤᠨ ᠬᠡᠪᠴᠢᠶᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/1/9
                           1 ᠳ᠋ᠦᠭᠡᠷ ᠲᠣᠭᠠᠲᠤ  ᠡᠯ᠎ᠡ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠥᠷᠭᠡᠨ ᠣᠯᠠᠨ ᠮᠠᠯᠴᠢᠨ ᠲᠠᠷᠢᠶᠠᠴᠢᠨ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠵᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠲᠦᠩᠯᠢᠶᠣᠣ ᠵᠠᠰᠠᠭ ᠠᠯᠪᠠᠨ ᠲᠠᠷᠬᠠᠭᠠᠭᠰᠠᠨ ﹇2022﹈ 51 ᠳ᠋ᠦᠭᠡᠷ ᠲᠣᠭᠠᠲᠤ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠮᠠᠨ ᠤ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭᠠᠳᠬᠠᠬᠤ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠬᠤᠷᠴᠢᠨ ᠲᠣᠭᠤᠷᠢᠭ ᠤᠨ ᠪᠥᠬᠦ ᠣᠷᠣᠨ ᠪᠦᠰᠡ ᠳᠤ ᠪᠥᠬᠦ ᠵᠢᠯ ᠤᠨ᠂ ᠪᠥᠬᠦ ᠴᠠᠭ ᠬᠤᠭᠤᠴᠠᠭᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠷᠴᠢᠨ ᠲᠣᠭᠤᠷᠢᠭ ᠲᠤ ᠭᠡᠷ ᠤᠨ ᠲᠡᠵᠢᠭᠡᠪᠦᠷᠢ ᠲᠡᠵᠢᠭᠡᠵᠦ ᠪᠠᠶᠢᠭ᠎ᠠ ᠨᠢᠭᠡᠴᠢ ︵ᠲᠡᠵᠢᠭᠡᠨ ᠦᠷᠡᠵᠢᠭᠦᠯᠬᠦ ᠲᠠᠯᠠᠪᠠᠶ︶ ᠪᠣᠯᠣᠨ ᠬᠤᠪᠢ ᠬᠥᠮᠥᠨ ᠴᠥᠮ ᠬᠤᠷᠴᠢᠨ ᠲᠣᠭᠤᠷᠢᠭ ᠤᠨ ᠣᠷᠣᠨ ᠪᠦᠰᠡ ᠳᠤ ᠮᠠᠯ ᠮᠠᠯᠵᠢᠵᠤ ᠪᠣᠯᠬᠤ ᠦᠭᠡᠢ᠃       ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠭᠡᠷ ᠤᠨ ᠲᠡᠵᠢᠭᠡᠪᠦᠷᠢ ᠶᠢᠨ ᠲᠦᠷᠦᠯ ᠵᠦᠢᠯ ᠳᠤ ᠦᠬᠡᠷ᠂ ᠢᠮᠠᠭ᠎ᠠ᠂ ᠬᠤᠨᠢ᠂ ᠮᠣᠷᠢ᠂ ᠡᠯᠵᠢᠭᠡ᠂ ᠯᠠᠭᠤᠰᠠ᠂ ᠲᠡᠮᠡᠭᠡ ᠵᠡᠷᠭᠡ ᠪᠠᠭᠲᠠᠨ᠎ᠠ᠃       ᠭᠤᠷᠪᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠷᠢᠶ᠎ᠠ ᠣᠷᠣᠨ ᠳᠣᠲᠣᠷᠠᠬᠢ ︵ᠤᠯᠤᠰ ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠢ ᠣᠷᠣᠨ ᠤ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠭᠰᠠᠨ ᠬᠠᠮᠢᠶᠠᠷᠤᠯᠲᠠ ᠶᠢᠨ ᠣᠷᠣᠨ ᠢ ᠦᠨᠳᠦᠰᠦᠯᠡᠨ᠎ᠡ︶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯ ᠢ ᠪᠣᠳᠠᠲᠠᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ ᠮᠠᠯᠵᠢᠬᠤ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠣᠶᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠬᠤ ᠶᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠤᠨ ᠣᠷᠣᠨ᠂ ᠦᠨᠳᠦᠰᠦᠨ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠭᠠᠵᠠᠷ᠂ ᠰᠢᠨ᠎ᠡ ᠪᠠᠷ ᠣᠶᠢᠵᠢᠭᠤᠯᠬᠤ ᠭᠠᠵᠠᠷ᠂ ᠵᠤᠯᠵᠠᠭ᠎ᠠ ᠮᠣᠳᠣᠨ ᠤ ᠭᠠᠵᠠᠷ᠂ ᠣᠨᠴᠠ ᠬᠡᠷᠡᠭᠴᠡᠭᠡᠨ ᠤ ᠣᠶ᠂ ᠠᠮᠢ ᠠᠬᠤᠢ ᠶᠢᠨ ᠪᠤᠲᠠ ᠮᠣᠳᠣᠨ ᠤ ᠣᠶ ᠵᠡᠷᠭᠡ ᠣᠷᠣᠨ ᠪᠦᠰᠡ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ᠎ᠡ᠃       ᠳᠥᠷᠪᠡ᠂ ᠲᠣᠭᠤᠷᠢᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠨᠢ ᠪᠥᠬᠦ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠵᠢᠯᠤᠭᠤᠳᠬᠤ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃       ᠲᠠᠪᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠠᠴᠠ ᠵᠥᠷᠢᠴᠡᠨ ᠮᠠᠯ ᠬᠠᠷᠢᠭᠤᠯᠬᠤ᠂ ᠳᠠᠯᠳᠠᠭᠤᠷ ᠮᠠᠯᠯᠠᠬᠤ ᠵᠡᠷᠭᠡ ᠠᠵᠢᠯᠯᠠᠭ᠎ᠠ ᠳᠤ᠂ ᠴᠠᠭᠠᠵᠠᠯᠠᠯ ᠢ ᠵᠥᠷᠢᠴᠡᠨ ᠮᠠᠯ ᠤᠨ ᠲᠤᠭ᠎ᠠ ᠲᠣᠯᠣᠭᠠᠢ ᠶᠢ ᠲᠣᠷᠭᠠᠵᠤ᠂ ᠬᠠᠤᠯᠢ ᠶᠢ ᠵᠥᠷᠢᠴᠡᠨ ᠬᠠᠷᠢᠭᠤᠯᠬᠤ ᠬᠤᠨᠢ ᠨᠢᠭᠡᠴᠢ ᠨᠢᠭᠡᠪᠦᠷᠢ ᠶᠢ 120 ᠲᠥᠭᠦᠷᠢᠭ ᠢᠶᠠᠷ ᠲᠣᠷᠭᠠᠬᠤ ᠪᠠᠷ ᠰᠢᠳᠬᠡᠨ᠎ᠡ ︵ᠲᠠᠶᠢᠯᠪᠤᠷᠢ᠄ ᠨᠢᠭᠡ ᠬᠤᠨᠢ ᠨᠢᠭᠡ ᠬᠤᠨᠢᠨ ᠤ ᠨᠢᠭᠡᠴᠢ ᠲᠠᠢ᠂ ᠨᠢᠭᠡ ᠦᠬᠡᠷ ᠲᠠᠪᠤᠨ ᠬᠤᠨᠢᠨ ᠤ ᠨᠢᠭᠡᠴᠢ ᠲᠠᠢ᠂ ᠨᠢᠭᠡ ᠮᠣᠷᠢ ᠵᠢᠷᠭᠤᠭᠠᠨ ᠬᠤᠨᠢᠨ ᠤ ᠨᠢᠭᠡᠴᠢ ᠲᠠᠢ᠂ ᠨᠢᠭᠡ ᠡᠯᠵᠢᠭᠡ ᠭᠤᠷᠪᠠᠨ ᠬᠤᠨᠢᠨ ᠤ ᠨᠢᠭᠡᠴᠢ ᠲᠠᠢ᠂ ᠨᠢᠭᠡ ᠯᠠᠭᠤᠰᠠ ᠲᠠᠪᠤᠨ ᠬᠤᠨᠢᠨ ᠤ ᠨᠢᠭᠡᠴᠢ ᠲᠠᠢ᠂ ᠨᠢᠭᠡ ᠲᠡᠮᠡᠭᠡ ᠲᠤᠯᠤᠭᠠᠨ ᠬᠤᠨᠢᠨ ᠤ ᠨᠢᠭᠡᠴᠢ ᠲᠠᠢ︶᠃       ᠵᠢᠷᠭᠤᠭ᠎ᠠ᠂ ᠲᠣᠷᠭᠠᠭᠤᠯᠢ ᠶᠢᠨ ᠵᠣᠭᠤᠰ ᠲᠤᠰᠢᠶᠠᠬᠤ ᠶᠢ ᠲᠡᠪᠴᠢᠭᠰᠡᠨ ᠬᠠᠷᠢᠭᠤᠴᠠᠯᠭ᠎ᠠ ᠶᠢᠨ ᠪᠡᠶᠡᠴᠢ ᠴᠣᠭᠴᠠ ᠳᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠲᠠᠯᠠᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠣᠯᠣᠨ᠎ᠠ᠃       ᠲᠤᠯᠤᠭ᠎ᠠ᠂ ᠬᠦᠴᠦᠷᠬᠡᠭᠯᠡᠬᠦ᠂ ᠰᠦᠷᠳᠡᠭᠦᠯᠬᠦ᠂ ᠥᠳᠥᠭᠡᠵᠦ ᠦᠢᠮᠡᠭᠡᠨ ᠭᠠᠷᠭᠠᠬᠤ ᠵᠡᠷᠭᠡ ᠠᠷᠭ᠎ᠠ ᠪᠠᠷᠢᠯ ᠢᠶᠠᠷ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠣᠭᠲᠠᠭᠠᠯ ᠢ ᠵᠥᠷᠢᠴᠡᠨ ᠬᠠᠤᠯᠢ ᠶᠢ ᠵᠥᠷᠢᠴᠡᠨ ᠮᠠᠯ ᠮᠠᠯᠵᠢᠬᠤ᠂ ᠬᠤᠯᠠᠭᠠᠶᠢᠯᠠᠨ ᠮᠠᠯᠯᠠᠬᠤ ᠠᠵᠢᠯᠯᠠᠭ᠎ᠠ ᠶᠢ ᠡᠷᠬᠡᠪᠰᠢ ᠲᠡᠷᠡ ᠳᠠᠷᠤᠢ ᠳᠤᠨᠢ ᠵᠣᠭᠰᠤᠭᠠᠬᠤ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠴᠥᠮ ᠪᠥᠬᠦ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠢᠳᠡᠪᠬᠢᠲᠡᠢ ᠣᠷᠣᠯᠴᠠᠬᠤ ᠪᠠ ᠲᠡᠭᠦᠨ ᠢ ᠳᠡᠮᠵᠢᠵᠦ᠂ ᠨᠢᠭᠡᠴᠢ ᠂ ᠬᠤᠪᠢ ᠬᠥᠮᠥᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠪᠣᠯᠣᠨ᠎ᠠ᠃       ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ ᠲᠦᠩᠯᠢᠶᠣᠣ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠷᠴᠢᠨ ᠬᠤᠪᠢᠶᠠᠷᠢ ᠲᠣᠪᠴᠢᠶ᠎ᠠ 0475 ︱ 8317667︔ ᠲᠠᠯᠠᠩ ᠪᠠᠯᠭᠠᠰᠤ 0475 ︱ 8981001︔ ᠴᠢᠶᠠᠨ ᠵᠢᠶᠠ ᠳ᠋ᠢᠶᠠᠨ ᠪᠠᠯᠭᠠᠰᠤ 0475 ︱ 8756240︔ ᠴᠢᠩ ᠾᠧ ᠪᠠᠯᠭᠠᠰᠤ(清河)0475 ︱ 8680009︔ ᠣᠷᠪᠣᠭ ᠪᠠᠯᠭᠠᠰᠤ 0475 ︱ 8997688︔  ᠮᠡᠯᠡᠬᠡᠶᠢᠲᠦ ᠪᠠᠯᠭᠠᠰᠤ 0475 ︱ 2392844︔ ᠴᠢᠩ ᠾᠧ ᠪᠠᠯᠭᠠᠰᠤ(庆和) 0475 ︱ 8820970︔  ᠹᠧᠩ ᠲᠢᠶᠠᠨ ᠪᠠᠯᠭᠠᠰᠤ 0475 - 8801195; ᠢᠦᠢ ᠯᠢᠶᠠᠩ ᠫᠦ᠋ ᠪᠠᠯᠭᠠᠰᠤ 0475 ︱ 8795272︔  ᠢᠦᠢ ᠰᠢᠨ ᠪᠠᠯᠭᠠᠰᠤ 0475 ︱ 8861688 ︔ ᠮᠤᠷᠤᠢ ᠶᠢᠨ ᠰᠦᠮ᠎ᠡ ᠰᠤᠮᠤ 0475 ︱ 8951776︔ ᠬᠤᠩ ᠰᠢᠩ ᠵᠡᠭᠡᠯᠢ ᠭᠤᠳᠤᠮᠵᠢ 0475 ︱ 8430417︔ ᠵᠢᠶᠠᠨ ᠭᠦᠸᠧ ᠵᠡᠭᠡᠯᠢ ᠭᠤᠳᠤᠮᠵᠢ 0475-8630036᠃       ᠡᠭᠦᠨ ᠤ ᠲᠤᠯᠠ ᠣᠨᠴᠠᠭᠠᠶᠢᠯᠠᠨ ᠵᠠᠷᠯᠠᠪᠠ                                                 ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                      2023 ᠣᠨ ᠤ 1 ᠰᠠᠷ᠎ᠠ ᠶᠢᠨ 4  ᠤ ᠡᠳᠦᠷ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号