ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/14
    1. ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠨᠢ ᠶᠠᠭᠤ ᠶᠠᠭᠤ ᠪᠠᠶᠢᠬᠤ ᠪᠣᠶ︖    ᠨᠢᠭᠡ ᠳᠤ ᠮᠠᠨ ᠤ ᠲᠤᠭᠤᠷᠢᠭ ᠤᠨ ᠡᠷᠦᠬᠡ ᠠᠮᠠ ᠲᠠᠢ ᠪᠠᠶᠢᠵᠤ᠂ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠥᠬᠡᠶ ᠬᠡᠷᠡᠭ ᠲᠤ ᠤᠴᠠᠷᠠᠭᠰᠠᠨ᠂ ᠬᠡᠷ ᠪᠦᠯᠢ ᠶᠢᠨ ᠪᠦᠷᠢᠯᠳᠦᠬᠦᠨ ᠭᠡᠨᠡᠳᠲᠡ ᠶᠢᠨ ᠬᠦᠨᠳᠦ ᠡᠪᠡᠳᠴᠢᠨ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠡᠷᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠨᠥᠯᠥᠭᠡ ᠠᠴᠠ ᠪᠣᠯᠵᠣ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠬᠡᠷ ᠪᠦᠯᠢ᠂ ᠡᠰᠡᠬᠦᠯ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠨᠢ ᠭᠡᠨᠡᠳᠲᠡ ᠨᠡᠮᠡᠭᠳᠡᠵᠦ ᠬᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠳᠠᠪᠠᠭᠰᠠᠨ ᠠᠴᠠ ᠪᠣᠯᠵᠣ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠨ ᠬᠡᠷ ᠪᠦᠯᠢ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠤᠨ ᠬᠡᠷ ᠪᠦᠯᠢ ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠬᠡᠷ ᠪᠦᠯᠢ ︵ᠣᠷᠣᠯᠭ᠎ᠠ ᠪᠠᠭᠠᠲᠠᠶ ᠬᠡᠷ ᠪᠦᠯᠢ︶᠂ ᠵᠢᠴᠢ ᠪᠤᠰᠤᠳ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠪᠤᠶᠤ ᠬᠤᠪᠢ ᠬᠥᠮᠦᠨ ᠪᠣᠯᠤᠨ᠎ᠠ᠃ ᠬᠤᠶᠠᠷ ᠲᠤ ᠮᠠᠨ ᠤ ᠲᠤᠭᠤᠷᠢᠭ ᠳᠤ ᠨᠢᠭᠡᠨᠲᠡ ᠣᠷᠣᠰᠢᠨ ᠰᠠᠭᠤᠬᠤ ᠦᠨᠡᠮᠯᠡᠯ ᠣᠯᠤᠭᠰᠠᠨ ᠪᠥᠭᠡᠳ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ ᠬᠥᠮᠦᠰ ᠰᠠᠭᠤᠭ᠎ᠠ ᠭᠠᠵᠠᠷ ᠲᠠᠭᠠᠨ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ ᠭᠤᠷᠪᠠ ᠳᠤ ᠮᠠᠨ ᠤ ᠲᠤᠭᠤᠷᠢᠭ ᠳᠤ ᠣᠷᠣᠰᠢᠨ ᠰᠠᠭᠤᠬᠤ ᠦᠨᠡᠮᠯᠡᠯ ᠬᠢᠯᠭᠡᠭᠰᠡᠨ ᠦᠭᠡᠢ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠥᠰ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠠᠪᠤᠷᠠᠨ ᠲᠤᠰᠠᠯᠠᠯᠲᠠ ᠬᠠᠩᠭᠠᠨ᠎ᠠ᠃    2. ᠲᠦᠷ ᠴᠠᠭ ᠤᠨ ᠠᠪᠤᠷᠠᠨ ᠲᠤᠰᠠᠯᠠᠬᠤ ᠬᠡᠪᠴᠢᠶ᠎ᠡ ᠨᠢ ᠶᠠᠭᠤ ᠶᠠᠭᠤ ᠪᠣᠶ︖    ᠰᠠᠨᠠᠭᠠᠨ ᠳᠤ ᠦᠭᠡᠶ ᠬᠡᠷᠡᠭ᠂ ᠬᠦᠨᠳᠦ ᠡᠪᠡᠳᠴᠢᠨ᠂ ᠰᠤᠷᠭᠠᠭᠤᠯᠢ ᠳᠤ ᠪᠠᠶᠢᠭ᠎ᠠ᠂ ᠭᠠᠯ ᠤᠨ ᠠᠶᠤᠯ ᠪᠠ ᠵᠠᠮ ᠬᠠᠷᠢᠯᠴᠠᠭᠠᠨ ᠤ ᠠᠳᠡᠯ ᠠᠴᠠ ᠪᠣᠯᠤᠭᠰᠠᠨ ᠵᠡᠷᠭᠡ ᠰᠠᠨᠠᠭᠠᠨ ᠳᠤ ᠦᠭᠡᠶ ᠬᠡᠷᠡᠭ ᠪᠤᠶᠤ ᠭᠡᠨᠡᠳᠲᠡ ᠶᠢᠨ ᠬᠦᠨᠳᠦ ᠡᠪᠡᠳᠴᠢᠨ ᠳᠤ ᠤᠴᠠᠷᠠᠭᠰᠠᠨ᠂ ᠭᠡᠨᠡᠳᠲᠡ ᠶᠢᠨ ᠬᠡᠷᠡᠭ ᠲᠤ ᠤᠴᠠᠷᠠᠵᠤ ᠲᠦᠷ ᠴᠠᠭ ᠭᠡᠷ ᠪᠦᠯᠢ ᠶᠢᠨ ᠳᠡᠮᠵᠢᠯᠭᠡ ᠶᠢ ᠣᠯᠬᠤ ᠦᠭᠡᠶ ᠠᠴᠠ ᠪᠣᠯᠵᠤ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠤᠴᠠᠷᠠᠵᠤ᠂ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠨᠢ ᠲᠦᠷ ᠴᠠᠭ ᠲᠤᠬᠠᠶ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠭ᠎ᠠ ᠬᠤᠪᠢ ᠬᠥᠮᠦᠨ᠂ ᠭᠡᠷ ᠪᠦᠯᠢ ᠶᠢᠨ ᠪᠦᠷᠢᠯᠳᠦᠬᠦᠨ ᠨᠢ ᠬᠦᠨᠳᠦ ᠵᠡᠮᠳᠡᠭ ᠪᠣᠯᠤᠭᠰᠠᠨ ᠪᠤᠶᠤ ᠬᠦᠨᠳᠦ ᠡᠪᠡᠳᠴᠢᠨ ᠢᠶᠠᠷ ᠬᠡᠪᠲᠡᠵᠦ ᠰᠤᠪᠢᠯᠠᠬᠤ ᠬᠡᠷᠡᠭᠴᠡᠭᠡ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠳᠤ ᠤᠴᠠᠷᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠪᠠ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠤᠨ ᠭᠡᠷ ᠪᠦᠯᠢ᠃    3. ᠠᠪᠤᠷᠠᠨ ᠲᠤᠰᠠᠯᠠᠬᠤ ᠪᠠᠷᠢᠮᠵᠢᠶ᠎ᠠ ᠨᠢ ᠬᠡᠳᠦᠶ ᠪᠣᠶ︖    ᠠᠪᠤᠷᠠᠨ ᠲᠤᠰᠠᠯᠠᠬᠤ ᠪᠠᠷᠢᠮᠵᠢᠶ᠎ᠠ ᠶᠢ ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠪᠠ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠭᠡᠵᠦ ᠬᠤᠪᠢᠶᠠᠨ᠎ᠠ᠃    ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ᠄ ᠨᠢᠭᠡ ᠳᠤ ᠰᠠᠭᠤᠵᠤ ᠪᠠᠶᠢᠭ᠎ᠠ ᠬᠡᠷ ᠪᠠᠶᠢᠰᠢᠩ ᠨᠢ ᠭᠠᠯ ᠤᠨ ᠠᠶᠤᠯ ᠳᠤ ᠤᠴᠠᠷᠠᠵᠤ᠂ ᠦᠨᠳᠦᠰᠦᠨ ᠠᠮᠢᠳᠤᠷᠠᠯ ᠨᠢ ᠪᠠᠲᠤᠯᠠᠭ᠎ᠠ ᠦᠭᠡᠢ ᠪᠠᠶᠢᠪᠠᠯ᠂ ᠵᠠᠷᠴᠢᠮ ᠳᠡᠭᠡᠷ᠎ᠡ ᠪᠠᠨ 1 - 2 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠪᠤᠷᠠᠨ ᠲᠤᠰᠠᠯᠠᠯᠲᠠ ᠣᠯᠭᠤᠨ᠎ᠠ᠂ ᠬᠤᠶᠠᠷ ᠲᠤ ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠡᠪᠡᠳᠴᠢᠨ ︵ᠤᠰᠤᠨ ᠳᠤ ᠵᠢᠪᠬᠦ᠂ ᠵᠠᠮ ᠬᠠᠷᠢᠯᠴᠠᠭᠠᠨ ᠤ ᠠᠳᠡᠯ︶ ᠵᠡᠷᠭᠡ ᠰᠢᠯᠲᠠᠭᠠᠨ ᠠᠴᠠ ᠪᠣᠯᠵᠣ᠂ ᠬᠦᠴᠢᠷᠳᠡᠯ ᠤᠨ ᠬᠡᠮᠵᠢᠶ᠎ᠡ ᠪᠠᠷ ᠨᠡᠯᠢᠶᠡᠳ ᠬᠥᠩᠭᠡᠨ ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠨᠡᠯᠢᠶᠡᠳ ᠪᠠᠭ᠎ᠠ ᠪᠠᠶᠢᠪᠠᠯ᠂ ᠵᠠᠷᠴᠢᠮ ᠳᠡᠭᠡᠷ᠎ᠡ ᠪᠠᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠮᠠᠨ ᠤ ᠲᠤᠭᠤᠷᠢᠭ ᠤᠨ ᠲᠤᠬᠠᠶ ᠶᠢᠨ ᠵᠢᠯ ᠤᠨ ᠰᠠᠷ᠎ᠠ ᠶᠢᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠬᠡᠲᠦᠷᠡᠭᠦᠯᠬᠦ ᠥᠬᠡᠶ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠯᠡ ᠤᠳᠠᠭ᠎ᠠ ᠳᠤ ᠥᠭᠴᠦ ᠪᠣᠯᠤᠨ᠎ᠠ᠃    ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ᠄ ᠡᠪᠡᠳᠴᠢᠨ ᠢᠶᠠᠷ ᠡᠮᠨᠡᠯᠭᠡ ᠳᠤ ᠰᠠᠭᠤᠵᠤ ᠡᠮᠨᠡᠨ ᠵᠠᠰᠠᠭᠤᠯᠬᠤ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠲᠤ ᠡᠮᠴᠢᠯᠡᠭᠡᠨ ᠤ ᠪᠠᠲᠤᠯᠠᠭ᠎ᠠ᠂ ᠡᠮᠴᠢᠯᠡᠭᠡᠨ ᠤ ᠠᠪᠤᠷᠠᠨ ᠲᠤᠰᠠᠯᠠᠯᠲᠠ ᠪᠠ ᠨᠡᠶᠢᠭᠡᠮ ᠠᠴᠠ ᠬᠠᠪᠰᠤᠷᠤᠨ ᠲᠡᠳᠬᠦᠭᠰᠡᠨ ᠤ ᠳᠠᠷᠠᠭ᠎ᠠ᠂ ᠵᠠᠷᠴᠢᠮ ᠳᠡᠭᠡᠷ᠎ᠡ ᠪᠠᠨ ᠬᠠᠮᠤᠭ ᠥᠨᠳᠥᠷ ᠲᠡᠭᠡᠨ 2 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠣᠯᠭᠤᠬᠤ ᠬᠡᠷᠡᠭᠲᠡᠶ᠃    4. ᠭᠤᠶᠤᠴᠢᠯᠠᠭᠰᠠᠨ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ ᠶᠠᠭᠤ ᠪᠣᠢ︖    ᠭᠤᠶᠤᠴᠢᠯᠠᠯ ᠢᠶᠠᠷ ᠬᠦᠯᠢᠶᠡᠨ ᠠᠪᠴᠤ ᠰᠢᠢᠳᠪᠦᠷᠢᠯᠡᠬᠦ ᠪᠠ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠬᠦ ᠭᠡᠵᠦ ᠬᠤᠪᠢᠶᠠᠨ᠎ᠠ    ᠭᠤᠶᠤᠴᠢᠯᠠᠯ ᠢᠶᠠᠷ ᠬᠦᠯᠢᠶᠡᠨ ᠠᠪᠴᠤ ᠰᠢᠢᠳᠪᠦᠷᠢᠯᠡᠬᠦ᠄ ᠨᠢᠭᠡ ᠳᠤ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠪᠤᠶᠤ ᠬᠤᠪᠢ ᠬᠥᠮᠥᠨ ᠴᠥᠮ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ ︵ᠬᠥᠮᠥᠨ ᠡᠷᠦᠬᠡ ᠨᠢ ᠰᠠᠯᠤᠭᠰᠠᠨ ᠭᠡᠷ ᠪᠦᠯᠢ ᠨᠢ ᠰᠠᠭᠤᠭ᠎ᠠ ᠭᠠᠵᠠᠷ ᠲᠤ ᠪᠠᠨ ᠭᠤᠶᠤᠴᠢᠯᠠᠵᠤ ᠪᠣᠯᠣᠨ᠎ᠠ᠂ ᠬᠤᠷᠴᠢᠨ ᠲᠣᠭᠤᠷᠢᠭ ᠤᠨ ᠡᠷᠦᠬᠡ ᠠᠮᠠ ᠪᠣᠯᠣᠨ ᠬᠥᠮᠥᠨ ᠡᠷᠦᠬᠡ ᠨᠢ ᠰᠠᠯᠤᠭᠰᠠᠨ ᠭᠡᠷ ᠪᠦᠯᠢ ᠨᠢ ᠡᠷᠦᠬᠡ ᠠᠮᠠ ᠪᠠᠶᠢᠭ᠎ᠠ ᠭᠠᠵᠠᠷ ᠲᠤ ᠭᠤᠶᠤᠴᠢᠯᠠᠵᠤ ᠪᠣᠯᠣᠨ᠎ᠠ᠂ ᠰᠠᠭᠤᠭ᠎ᠠ ᠭᠠᠵᠠᠷ ᠨᠢ ᠭᠡᠷ ᠪᠦᠯᠢ ᠶᠢᠨ ᠡᠳ᠋ ᠬᠥᠷᠥᠩᠭᠡ ᠪᠣᠯᠣᠨ ᠣᠷᠣᠯᠭ᠎ᠠ ᠶᠢᠨ ᠪᠠᠶᠢᠳᠠᠯ ᠢ ᠬᠠᠮᠵᠢᠯᠴᠠᠨ ᠬᠢᠨᠠᠨ ᠬᠠᠷᠭᠤᠭᠤᠯᠤᠨ᠎ᠠ︶᠃ ᠭᠤᠶᠤᠴᠢᠯᠠᠭᠴᠢ ᠶᠢᠨ ᠨᠠᠶᠢᠳᠠᠯᠭ᠎ᠠ ᠪᠠᠷ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠪᠤᠶᠤ ᠪᠤᠰᠤᠳ ᠨᠢᠭᠡᠴᠡ᠂ ᠬᠤᠪᠢ ᠬᠥᠮᠦᠨ ᠨᠢ ᠣᠷᠣᠯᠠᠨ ᠲᠦᠷ ᠴᠠᠭ ᠠᠪᠤᠷᠠᠨ ᠲᠤᠰᠠᠯᠠᠬᠤ ᠭᠤᠶᠤᠴᠢᠯᠠᠯ ᠢ ᠳᠤᠷᠠᠳᠴᠤ ᠪᠣᠯᠤᠨ᠎ᠠ᠃ ᠨᠠᠶᠢᠳᠠᠬᠤ ᠡᠷᠭᠦᠳᠡᠯ ᠭᠠᠷᠭᠠᠬᠤ ᠳᠤ ᠵᠣᠬᠢᠬᠤ ᠨᠠᠶᠢᠳᠠᠯᠭ᠎ᠠ ᠶᠢᠨ ᠪᠢᠴᠢᠭ ᠪᠠᠷᠢᠮᠲᠠ ᠬᠢᠬᠦ ᠬᠡᠷᠡᠭᠲᠡᠢ᠃ ᠪᠠᠶᠢᠳᠠᠯ ᠨᠢ ᠪᠠᠴᠢᠮ ᠪᠠᠶᠢᠳᠠᠯ ᠠᠴᠠ ᠪᠣᠯᠵᠣ ᠭᠤᠶᠤᠴᠢᠯᠠᠬᠤ ᠦᠶ᠎ᠡ ᠳᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠬᠠᠩᠭᠠᠬᠤ ᠶᠢᠨ ᠠᠷᠭ᠎ᠠ ᠥᠬᠡᠶ ᠪᠠᠶᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠵᠦ ᠪᠣᠯᠤᠨ᠎ᠠ᠃ ᠬᠤᠶᠠᠷ ᠲᠤ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠬᠠᠷᠢᠶᠠᠯᠠᠯ ᠤᠨ ᠪᠤᠰᠤ  ᠪᠦᠭᠡᠳ ᠲᠤᠬᠠᠢ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠭᠦᠢᠴᠡᠳᠬᠡᠭᠰᠡᠨ ᠦᠭᠡᠢ ᠪᠠᠶᠢᠪᠠᠯ᠂ ᠰᠠᠭᠤᠭ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ︶ ᠳᠤ ᠠᠵᠢᠯ ᠶᠠᠪᠤᠳᠠᠯ ᠭᠦᠢᠴᠡᠳᠬᠡᠨ᠎ᠡ᠃    ᠰᠠᠨᠠᠭᠠᠴᠢᠯᠠᠭ᠎ᠠ ᠠᠴᠠ ᠪᠠᠨ ᠣᠯᠵᠤ ᠮᠡᠳᠡᠵᠦ ᠭᠥᠯᠢᠶᠡᠨ ᠠᠪᠴᠤ ᠰᠢᠢᠳᠪᠦᠷᠢᠯᠡᠬᠦ᠄ ᠨᠢᠭᠡ ᠳᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯ ᠰᠠᠨᠠᠭᠠᠴᠢᠯᠠᠭ᠎ᠠ ᠠᠴᠠ ᠪᠠᠨ ᠬᠦᠴᠢᠷᠳᠡᠯᠲᠡᠶ ᠬᠡᠷ ᠪᠦᠯᠢ ᠪᠤᠶᠤ ᠬᠤᠪᠢ ᠬᠥᠮᠦᠨ ᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠡᠨᠡᠳᠲᠡ ᠶᠢᠨ ᠬᠡᠷᠡᠭ᠂ ᠰᠠᠨᠠᠭᠠᠨ ᠳᠤ ᠥᠬᠡᠶ ᠠᠳᠡᠯ᠂ ᠬᠦᠨᠳᠦ ᠡᠪᠡᠳᠴᠢᠨ ᠳᠤ ᠨᠡᠷᠪᠡᠭᠳᠡᠭᠰᠡᠨ ᠵᠡᠷᠭᠡ ᠣᠨᠴᠠᠭᠠᠶ ᠬᠦᠴᠢᠷᠳᠡᠯ ᠤᠨ ᠪᠠᠶᠢᠳᠠᠯ ᠢ ᠡᠵᠡᠮᠰᠢᠬᠦ ᠶᠢᠨ ᠬᠠᠮᠲᠤ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠬᠦᠴᠢᠷᠳᠡᠯ ᠲᠠᠢ ᠵᠢᠴᠢ ᠰᠠᠨᠠᠭᠠᠴᠢᠯᠠᠭ᠎ᠠ ᠠᠴᠠ ᠪᠠᠨ ᠲᠤᠰᠠᠯᠠᠮᠵᠢ ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠬᠡᠷ ᠪᠦᠯᠢ ᠪᠤᠶᠤ ᠬᠤᠪᠢ ᠬᠥᠮᠦᠨ ᠢ ᠬᠠᠪᠰᠤᠷᠤᠨ ᠠᠪᠤᠷᠠᠨ ᠲᠤᠰᠠᠯᠠᠬᠤ ᠭᠤᠶᠤᠴᠢᠯᠠᠯ ᠭᠠᠷᠭᠠᠬᠤ ᠬᠡᠷᠡᠭᠲᠡᠶ᠃ ᠬᠤᠶᠠᠷ ᠲᠤ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠳᠤᠮᠳᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠬᠦᠷᠦᠭᠰᠡᠳ᠂ ᠮᠡᠳᠡᠷᠡᠯ ᠤᠨ ᠡᠪᠡᠳᠴᠢᠲᠡᠨ ᠵᠡᠷᠭᠡ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠥᠬᠡᠶ ᠬᠥᠮᠦᠨ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠦᠮᠦᠨ᠂ ᠵᠢᠴᠢ ᠰᠠᠨᠠᠭᠠᠴᠢᠯᠠᠭ᠎ᠠ ᠠᠴᠠ ᠪᠠᠨ ᠲᠤᠰᠠᠯᠠᠮᠵᠢ ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠬᠦᠨᠳᠦ ᠲᠦᠭᠰᠢᠭᠦᠷᠢᠲᠡᠶ ᠡᠪᠡᠳᠴᠢᠲᠡᠨ ᠵᠡᠷᠭᠡ ᠶᠢ ᠣᠯᠵᠤ ᠮᠡᠳᠡᠪᠡᠯ᠂ ᠰᠠᠨᠠᠭᠠᠴᠢᠯᠠᠭ᠎ᠠ ᠠᠴᠠ ᠪᠠᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠬᠤ ᠬᠡᠷᠡᠭᠲᠡᠶ᠃ ᠭᠤᠷᠪᠠ ᠳᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠷᠠᠳ ᠢᠷᠭᠡᠳ ᠤᠨ ᠬᠤᠪᠢ ᠬᠥᠮᠦᠨ ᠤ ᠠᠪᠤᠷᠠᠨ ᠲᠤᠰᠠᠯᠠᠭᠰᠠᠨ ᠰᠦᠪᠡᠭᠴᠢ ᠶᠢ ᠢᠯᠡᠷᠡᠭᠦᠯᠦᠭᠰᠡᠨ ᠪᠤᠶᠤ ᠣᠯᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠢᠨᠠᠨ ᠪᠠᠶᠢᠴᠠᠭᠠᠵᠤ᠂ ᠲᠡᠭᠦᠨ ᠤ ᠳᠣᠲᠣᠷᠠᠬᠢ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠷᠡᠭᠲᠡᠶ᠃    ᠪᠥᠬᠦ ᠲᠤᠭᠤᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠪᠠᠶᠢᠭᠤᠯᠤᠭᠰᠠᠨ ᠨᠡᠶᠢᠭᠡᠮ ᠤᠨ ᠠᠪᠤᠷᠠᠨ ᠲᠤᠰᠠᠯᠠᠬᠤ ︽ᠨᠢᠭᠡ ᠰᠠᠯᠠᠭ᠎ᠠ ᠮᠥᠴᠢᠷ ᠭᠥᠯᠢᠶᠡᠨ ᠠᠪᠴᠤ ᠰᠢᠢᠳᠪᠦᠷᠢᠯᠡᠵᠦ᠂ ᠬᠠᠮᠵᠢᠯᠴᠠᠨ ᠭᠦᠢᠴᠡᠳᠬᠡᠬᠦ︾ ᠴᠣᠩᠬᠤᠪᠴᠢ ᠪᠠᠷ ᠪᠣᠳᠠᠲᠠᠶ ᠭᠦᠢᠴᠡᠳᠬᠡᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号