ᠬᠤᠷᠴᠢᠨ ᠲᠣᠭᠤᠷᠢᠭ᠄ ᠡᠷᠳᠡᠨᠢ ᠰᠢᠰᠢ ᠶᠢ ᠨᠢᠭᠲᠠ ᠳᠠᠷᠢᠬᠤ ᠮᠡᠷᠭᠡᠵᠢᠯ  ᠨᠢ ᠠᠮᠤ ᠪᠤᠳᠠᠭᠠᠨ ᠤ ᠠᠮᠤᠷ ᠲᠦᠪᠰᠢᠨ ᠤ ᠥᠨᠳᠥᠷ ᠤᠨᠠᠯᠲᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/10/16
      ᠡᠨᠡ ᠵᠢᠯ᠂ ᠬᠤᠷᠴᠢᠨ ᠲᠣᠭᠤᠷᠢᠭ ᠤᠨ ᠬᠢᠨ ᠠᠮᠤ ᠪᠤᠳᠠᠭᠠᠨ ᠤ ᠦᠢᠯᠡᠳᠪᠦᠷᠢᠯᠡᠯ ᠤᠨ ︽ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠰᠢᠯᠢᠳᠡᠭᠵᠢᠭᠦᠯᠬᠦ᠂ ᠶᠡᠷᠦᠩᠬᠡᠢ ᠤᠨᠠᠯᠲᠠ ᠶᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠢᠭᠡᠨᠲᠡ 150 ᠲᠦᠮᠡᠨ ᠮᠦ ᠥᠨᠳᠥᠷ ᠪᠦᠲᠦᠮᠵᠢᠲᠡᠢ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢᠨ ᠳᠡᠭᠡᠷ᠎ᠡ᠂ 18.68 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠬᠠᠮᠲᠤ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠲᠠᠷᠢᠬᠤ ᠶᠢ ᠥᠨᠳᠥᠷ ᠪᠦᠲᠦᠮᠵᠢᠲᠡᠢ᠂ ᠴᠢᠨᠠᠷ ᠰᠠᠶᠢᠲᠠᠢ᠂ ᠠᠮᠢ ᠠᠬᠤᠢ ᠶᠢᠨ ᠴᠢᠭᠯᠡᠯ ᠲᠡᠰᠢ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠪᠠ᠃ ᠡᠨᠡ ᠵᠢᠯ᠂ ᠬᠤᠷᠴᠢᠨ ᠲᠣᠭᠤᠷᠢᠭ ᠤᠨ ᠡᠷᠳᠡᠨᠢ ᠰᠢᠰᠢ ᠳᠠᠷᠢᠬᠤ ᠲᠠᠯᠠᠪᠠᠶ 206.7 ᠲᠦᠮᠡᠨ ᠮᠥ ᠪᠠᠶᠢᠵᠤ᠂ ᠵᠢᠱᠢᠯᠲᠡ ᠪᠠᠷ ᠶᠡᠷᠦᠩᠬᠡᠶ ᠤᠨᠠᠯᠲᠠ 33.48 ᠳ᠋ᠦᠩᠰᠢᠭᠤᠷ ᠵᠢᠩ ᠳᠤ ᠬᠦᠷᠴᠦ᠂ ᠮᠥ ᠪᠦᠷᠢ ᠶᠢᠨ ᠳᠤᠮᠳᠠᠴᠢ ᠤᠨᠠᠯᠲᠠ 810 ᠺᠢᠯᠣᠭ᠍ᠷᠠᠮ ᠳᠤ ᠬᠦᠷᠴᠦ ᠪᠣᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号