ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠳᠡᠩᠰᠡᠯᠡᠨ ᠲᠡᠮᠳᠡᠭᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/10/18
       ᠡᠨᠡ ᠵᠢᠯ᠂ ᠬᠤᠷᠴᠢᠨ ᠲᠣᠭᠤᠷᠢᠭ ᠠᠵᠢᠯ ᠦᠢᠯᠡᠰ ᠤᠨ ᠨᠢᠭᠡᠴᠢ ᠶᠢᠨ ᠰᠦᠯᠵᠢᠶᠡᠨ ᠳᠡᠭᠡᠷ᠎ᠡ ᠳᠡᠩᠰᠡᠯᠡᠨ ᠬᠠᠮᠢᠶᠠᠷᠬᠤ ᠰᠢᠰᠲ᠋ᠧᠮ ᠢ ᠠᠰᠢᠭᠯᠠᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠲᠤᠭ᠎ᠠ ᠪᠠᠷᠢᠮᠲᠠ ᠶᠢᠨ ᠲᠠᠪᠴᠠᠩ ᠲᠠᠢ ᠤᠶᠠᠯᠳᠤᠭᠤᠯᠤᠨ ᠡᠮᠬᠢᠯᠡᠨ ᠳᠢᠭᠯᠡᠵᠦ᠂ ᠪᠥᠬᠦ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠥᠭᠡᠷᠡᠴᠢᠯᠡᠯᠲᠡ ᠶᠢᠨ ᠦᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠢᠵᠤ᠂ ᠵᠢᠷᠤᠮᠵᠢᠭᠤᠯᠤᠨ ᠬᠠᠮᠢᠶᠠᠷᠬᠤ ᠶᠢ ᠠᠬᠢᠭᠤᠯᠪᠠ᠃ ᠡᠭᠦᠨ ᠤ ᠬᠠᠮᠲᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂  ᠠᠪᠴᠠᠭᠠᠨ ᠤ ᠡᠷᠬᠡ ᠶᠢ ᠬᠦᠴᠦᠨ ᠦᠭᠡᠢ ᠪᠣᠯᠭᠠᠬᠤ ᠳᠦᠭᠦᠮᠬᠡᠨ ᠳᠡᠰ ᠳᠠᠷᠠᠭᠠᠯᠠᠯ ᠳᠤ ᠨᠡᠶᠢᠴᠡᠬᠦ ᠦᠭᠡᠢ ᠮᠥᠷᠲᠡᠭᠡᠨ ᠠᠪᠴᠠᠭᠠᠨ ᠤ ᠡᠷᠬᠡ ᠥᠷᠢ ᠥᠭᠴᠡᠭᠡ ᠳᠤ ᠬᠤᠯᠪᠣᠭᠳᠠᠭᠰᠠᠨ ᠵᠢᠭᠤᠷᠠᠯᠳᠤᠭᠠᠨ᠂ ᠡᠳ᠋ ᠬᠥᠷᠥᠩᠭᠡ ᠶᠢ ᠢᠯᠭᠠᠷᠠᠭᠤᠯᠤᠨ ᠪᠣᠳᠣᠬᠤ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠠᠴᠠ ᠪᠣᠯᠵᠤ᠂ ᠲᠦᠷ ᠴᠠᠭ ᠬᠦᠴᠦᠨ ᠦᠭᠡᠢ ᠪᠣᠯᠭᠠᠬᠤ ᠪᠠ ᠳᠠᠩᠰᠠᠯᠠᠨ ᠲᠡᠮᠳᠡᠭᠯᠡᠭᠦᠯᠬᠦ ᠶᠢᠨ ᠠᠷᠭ᠎ᠠ ᠦᠭᠡᠢ ᠠᠵᠢᠯ ᠦᠢᠯᠡᠰ ᠤᠨ ᠨᠢᠭᠡᠴᠢ ᠶᠢ ᠴᠠᠭ ᠲᠤᠬᠠᠢ ᠳᠤᠨᠢ ᠮᠥᠷᠳᠡᠨ ᠰᠢᠮᠳᠠᠭᠤᠯᠤᠨ  ᠭᠦᠢᠴᠡᠳᠬᠡᠵᠦ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠵᠢᠷᠤᠮᠵᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号