ᠬᠤᠷᠴᠢᠨ ᠲᠣᠭᠤᠷᠢᠭ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/22
      ᠡᠨᠡ ᠵᠢᠯ᠂ ᠬᠤᠷᠴᠢᠨ ᠲᠣᠭᠤᠷᠢᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠪᠠ ᠨᠠᠶᠢᠳᠠᠪᠤᠷᠢᠵᠢᠭᠤᠯᠵᠤ᠂ ᠪᠦᠷᠬᠦᠪᠴᠢ ᠦᠭᠡᠢ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠪᠠᠷ ᠤᠳᠤᠷᠢᠳᠤᠮᠵᠢ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠪᠣᠬᠢᠷᠲᠤᠯ ᠦᠭᠡᠢ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢᠨ ᠬᠤᠣᠰ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠪᠡ᠃ ᠣᠳᠣᠬᠠᠨ ᠪᠣᠯᠲᠠᠯ᠎ᠠ᠂ ᠬᠤᠷᠴᠢᠨ ᠲᠣᠭᠤᠷᠢᠭ ᠤᠨ ᠬᠢᠨ ᠨᠢᠭᠡᠨᠲᠡ 150 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ ᠶᠢ ᠪᠠᠶᠢᠭᠤᠯᠵᠤ᠂ 10 ᠰᠤᠮᠤ ᠪᠠᠯᠭᠠᠰᠤ᠂ 5 ᠤᠯᠤᠰ ᠤᠨ ᠥᠮᠴᠢᠯᠡᠯ ᠤᠨ ᠲᠠᠷᠢᠶᠠᠯᠠᠩ ᠮᠠᠯᠵᠢᠯ ᠤᠨ ᠲᠠᠯᠠᠪᠠᠢ ᠳᠤ ᠵᠣᠬᠢᠰᠲᠠᠢ ᠲᠠᠷᠬᠠᠵᠤ᠂ ᠬᠠᠷᠢᠶ᠎ᠠ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠢᠭᠡᠨᠲᠡ ᠪᠦᠬᠦ ᠲᠠᠯ᠎ᠠ ᠪᠠᠷ ᠬᠠᠳᠤᠵᠤ ᠬᠤᠷᠢᠶᠠᠵᠤ᠂ ᠡᠯᠪᠡᠭ ᠬᠤᠷᠢᠶᠠᠯᠲᠠ ᠤᠯᠬᠤ ᠡᠷᠡᠮᠡᠯᠵᠡᠯ ᠲᠠᠢ ᠪᠠᠶᠢᠨ᠎ᠠ
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号