ᠵᠢᠶᠠᠩ ᠵᠢᠶᠦ᠋ᠨ ᠵᠧᠩ
ᠨᠡᠶᠢᠲᠡᠯᠡᠭᠰᠡᠨ ᠴᠠᠭ᠄
2024/10/22
姜军政.jpg
ᠡᠭᠦᠷᠭᠡ ᠲᠤᠰᠢᠶᠠᠯ᠄ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠᠠᠵᠢᠯ ᠤᠨ ᠬᠤᠪᠢᠶᠠᠷᠢᠯᠠᠯ᠄ ᠶᠢᠨ ᠱᠤ᠋ ᠭᠦᠸᠧ ᠲᠣᠭᠤᠷᠢᠭ ᠤᠨ ᠳᠠᠷᠤᠭ᠎ᠠ ᠶᠢ ᠬᠠᠮᠵᠢᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠪᠠ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ︵ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︶᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠤᠪᠢᠶᠠᠷᠢ ᠲᠥᠪ᠂ ᠥᠪᠥᠷ ᠮᠣᠩᠭᠤᠯ ᠤᠨ ᠬᠤᠷᠴᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠺᠧ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃ᠬᠠᠷᠢᠯᠴᠠᠬᠤ ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠵᠡᠪᠰᠡᠭᠲᠦ ᠬᠦᠴᠦᠨ ᠤ ᠬᠡᠯᠲᠡᠰ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠲᠦᠩᠯᠢᠶᠣᠤ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠦᠩᠯᠢᠶᠣᠤ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠲᠦᠩᠯᠢᠶᠣᠤ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠲᠦᠩᠯᠢᠶᠣᠤ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠲᠦᠩᠯᠢᠶᠣᠤ ᠬᠤᠲᠠ ᠶᠢᠨ ᠬᠤᠪᠢᠶᠠᠷᠢ ᠺᠣᠮᠫᠠᠨᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠵᠡᠷᠭᠡ ᠲᠠᠢ ᠬᠠᠷᠢᠯᠴᠠᠨ᠎ᠠ᠃ᠲᠣᠪᠴᠢ ᠨᠠᠮᠲᠠᠷ᠄ ᠵᠢᠶᠠᠩ ᠵᠢᠶᠦ᠋ᠨ ᠵᠧᠩ᠂ ᠡᠷᠡᠭᠲᠡᠶ᠂ ᠮᠠᠨᠵᠤ ᠦᠨᠳᠦᠰᠦᠲᠡᠨ᠂ 1975 ᠣᠨ ᠤ 2 ᠰᠠᠷ᠎ᠠ ᠶᠢᠨ 16 ᠤ ᠡᠳᠦᠷ ᠳᠦᠷᠦᠵᠡᠶ᠂ ᠨᠠᠶ᠋ᠮᠠᠨ ᠬᠤᠰᠢᠭᠤᠨ ᠤ ᠴᠢᠩ ᠯᠦᠩ ᠱᠠᠨ ᠪᠠᠯᠭᠠᠰᠤᠨ ᠤ ᠬᠥᠮᠦᠨ᠂ ᠲᠥᠪ ᠤᠨ ᠨᠠᠮ ᠤᠨ ᠰᠤᠷᠭᠠᠭᠤᠯᠢ ᠶᠢᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2003 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1996 ᠣᠨ ᠤ 7 ᠰᠠᠷ᠎ᠠ ᠳᠤ ᠠᠵᠢᠯ ᠳᠤ ᠣᠷᠣᠪᠠ᠂ ᠣᠲᠣ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号