ᠬᠤᠷᠴᠢᠨ ᠲᠣᠭᠤᠷᠢᠭ᠄ ᠨᠠᠰᠤᠨ ᠳᠤ ᠥᠯᠥ ᠭᠦᠷᠦᠭᠰᠡᠳ ᠤᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/10/23
      ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠰᠤᠷᠭᠠᠭᠤᠯᠢ᠂ ᠭᠡᠷ ᠪᠦᠯᠢ᠂ ᠨᠡᠶᠢᠭᠡᠮ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠣᠯᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠬᠠᠮᠲᠤᠷᠠᠯ ᠤᠨ ᠬᠦᠴᠦᠨ ᠢ ᠪᠠᠳᠠᠷᠠᠭᠤᠯᠬᠤ ᠪᠠᠷ ᠳᠠᠮᠵᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠪᠠ᠃ ᠬᠤᠷᠴᠢᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠬᠥᠮᠦᠵᠢᠯ ᠤᠨ ᠶᠠᠷᠢᠶᠠᠨ ᠤ ᠲᠠᠩᠬᠢᠮ᠂ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠤᠷᠳᠤ ᠬᠤᠩᠬᠢᠯ ᠵᠡᠷᠭᠡ ᠠᠯᠢ ᠤᠯᠠᠨ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠡᠭᠦᠨ ᠠᠴᠠ ᠭᠠᠳᠠᠨ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠣᠯᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠢ ᠢᠳᠡᠪᠬᠢᠲᠡᠶ ᠪᠠᠶᠢᠭᠤᠯᠵᠤ᠂ ᠲᠣᠰ ᠲᠣᠰ ᠤᠨ ᠣᠨᠴᠠᠯᠢᠭ ᠲᠠᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠣᠯᠤᠨ ᠬᠠᠤᠯᠢ ᠴᠠᠭᠠᠵᠠ ᠶᠢᠨ ᠤᠢᠢᠯᠡᠴᠢᠯᠡᠭᠡᠨ ᠤ ᠠᠵᠢᠯ ᠢ ᠬᠦᠴᠦᠯᠡᠨ ᠥᠷᠨᠢᠭᠦᠯᠵᠦ᠂ ᠬᠠᠤᠯᠢ ᠪᠠᠷ ᠵᠠᠰᠠᠬᠤ ᠬᠥᠮᠦᠵᠢᠯ ᠤᠨ ᠭᠦᠨᠵᠡᠭᠡᠶ ᠥᠷᠨᠢᠬᠦ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号