ᠬᠤᠷᠴᠢᠨ ᠲᠣᠭᠤᠷᠢᠭ᠄ ᠡᠮ ᠤᠨ ᠮᠠᠲ᠋ᠧᠷᠢᠶᠠᠯ ᠲᠠᠷᠢᠵᠤ ᠤᠷᠭᠤᠭᠤᠯᠬᠤ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/10/24
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠲᠦᠩᠯᠢᠶᠣᠤ ᠶᠢᠨ ︽ᠳᠤᠮᠳᠠᠳᠤ ᠤᠯᠤᠰ ᠤᠨ ᠮᠣᠩᠭᠤᠯ ᠡᠮ ᠡᠮᠨᠡᠯᠭᠡ ᠶᠢᠨ ᠲᠥᠪ︾ ᠤᠨ ᠰᠣᠶᠣᠯ ᠤᠨ ᠳᠠᠪᠠᠭᠤᠯᠢᠭ ᠵᠢᠴᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠤ ᠲᠦᠰᠢᠭᠯᠡᠨ᠂ ᠡᠮ ᠤᠨ ᠮᠠᠲ᠋ᠧᠷᠢᠶᠠᠯ ᠳᠠᠷᠢᠬᠤ ᠲᠥᠷᠥᠯ ᠵᠦᠢᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ ᠥᠷᠭᠡᠳᠬᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠮᠠᠯ ᠤᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ 4.5 ᠲᠦᠮᠡᠨ ᠮᠥ ᠳᠤ ᠬᠦᠷᠴᠦ᠂ ᠭᠤᠤᠯᠳᠠᠭᠤ ᠬᠤᠨᠴᠢᠷ᠂ ᠬᠤᠷᠳᠤᠨ ᠴᠠᠭᠠᠨ᠂ ᠴᠢᠨ᠋ᠸ᠎ᠠ ᠶᠢᠨ ᠬᠠᠯᠲᠠᠷ ᠵᠡᠷᠭᠡ 25 ᠵᠦᠢᠯ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠪᠠᠭᠲᠠᠭᠠᠵᠤ᠂ ᠵᠢᠯ ᠤᠨ ᠦᠢᠯᠡᠳᠬᠦᠨ ᠤ ᠥᠷᠲᠡᠭ ᠨᠢ 2 ᠳ᠋ᠦᠩᠰᠢᠭᠤᠷ ᠲᠥᠭᠦᠷᠢᠭ ᠲᠤ ᠬᠦᠷᠴᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号