ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠤᠨ | ᠬᠡᠷᠡᠭᠯᠡᠯᠲᠡ ᠶᠢ ᠢᠳᠡᠪᠬᠢᠲᠡᠢ ᠥᠷᠭᠡᠳᠬᠡᠵᠦ᠂ ᠢᠲᠡᠭᠡᠮᠵᠢ ᠲᠠᠢ ᠭᠤᠣᠯ ᠴᠣᠭᠴᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ᠂ ᠡᠮᠴᠢᠯᠡᠭᠡ ᠵᠢᠴᠢ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠬᠦᠷᠢᠶᠡᠨ ᠳᠤ ︽ᠪᠠᠷᠢᠴᠠᠭᠠᠨ ᠤ ᠮᠥᠩᠭᠦ ᠠᠴᠠ ᠬᠡᠯᠲᠦᠷᠢᠭᠦᠯᠬᠦ᠂ ᠭᠡᠷᠡᠴᠢ ᠶᠢ ᠪᠠᠭᠠᠰᠬᠠᠬᠤ᠂ ᠭᠠᠷ | ᠭᠦᠢᠴᠡᠳᠬᠡᠯ ᠢ ᠳᠥᠭᠦᠮᠴᠢᠯᠡᠬᠦ᠂ ᠵᠠᠷᠤᠳᠠᠯ ᠢ ᠪᠠᠭᠤᠷᠠᠭᠤᠯᠬᠤ︾ ᠵᠡᠷᠭᠡ ᠲᠦᠬᠦᠮ ᠦᠢᠯᠡᠴᠢᠯᠡᠭᠡ ᠬᠠᠩᠭᠠᠪᠠ᠃ 10 | ᠰᠠᠷ᠎ᠠ ᠪᠣᠯᠲᠠᠯ᠎ᠠ᠂ ᠬᠤᠷᠴᠢᠨ ᠲᠣᠭᠤᠷᠢᠭ ᠤᠨ ᠬᠢᠨ ᠨᠡᠶᠢᠲᠡ 120 ᠭᠠᠷᠤᠢ ᠵᠤᠭᠠᠴᠠᠭᠰᠠᠳ ᠲᠤ ᠣᠨᠴᠠᠭᠠᠢ | ᠴᠣᠩᠬᠤ ᠪᠠᠷ ᠲᠦᠷᠭᠡᠨ ᠪᠢᠯᠧᠲ ᠬᠤᠳᠠᠯᠳᠤᠨ ᠠᠪᠬᠤ᠂ ᠲᠦᠷᠭᠡᠨ ᠲᠠᠯᠠᠪᠠᠢ ᠳᠤ ᠣᠷᠣᠬᠤ ᠳᠤ ᠤᠷᠢᠳᠠᠪᠠᠷ | ᠲᠣᠬᠢᠷᠠᠭᠤᠯᠬᠤ ᠵᠡᠷᠭᠡ ︽ᠰᠠᠭᠠᠳ ᠦᠭᠡᠢ ᠨᠡᠪᠲᠡᠷᠡᠬᠦ ᠵᠠᠮ︾ ᠤᠨ ᠬᠡᠯᠪᠡᠷᠢ ᠶᠢᠨ ᠦᠢᠯᠡᠴᠢᠯᠡᠭᠡ ᠶᠢ 90 ᠭᠠᠷᠤᠢ | ᠤᠳᠠᠭ᠎ᠠ ᠬᠠᠩᠭᠠᠵᠤ᠂ ᠡᠭᠦᠳᠡᠨ ᠪᠢᠯᠧᠲ ᠤᠨ ᠦᠨ᠎ᠡ ᠬᠠᠩᠰᠢ ᠶᠢ 180 ᠭᠠᠷᠤᠢ ᠬᠥᠮᠥᠨ ᠤᠳᠠᠭ᠎ᠠ ᠬᠢᠮᠳᠠᠷᠠᠭᠤᠯᠵᠤ | ᠥᠭᠪᠡ᠃ ︽ᠢᠲᠡᠭᠡᠮᠵᠢ ᠲᠠᠢ ᠪᠣᠯ ᠵᠢᠭᠡᠯᠡᠯᠭᠡ ᠣᠯᠭᠤᠬᠤ︾ ᠲᠠᠪᠴᠠᠩ ᠤᠨ ᠠᠵᠤ ᠠᠬᠤᠶᠢᠯᠠᠯ 13057 | ᠳᠠᠩᠰᠠᠯᠠᠭᠤᠯᠵᠤ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ 1122 ᠬᠤᠪᠢ ᠪᠠᠶᠢᠵᠤ᠂ 92 | ᠬᠤᠪᠢ ᠶᠢ ᠨᠢ ᠠᠮᠵᠢᠯᠲᠠ ᠲᠠᠢ ᠪᠠᠷ ᠵᠢᠭᠡᠯᠡᠯᠭᠡ ᠲᠠᠯᠪᠢᠵᠤ᠂ ᠵᠢᠭᠡᠯᠡᠯᠭᠡ ᠲᠠᠯᠪᠢᠭᠰᠠᠨ ᠵᠣᠭᠤᠰ ᠤᠨ ᠲᠤᠭ᠎ᠠ 15.02 | ᠳ᠋ᠦᠩᠰᠢᠭᠤᠷ ᠲᠥᠭᠦᠷᠢᠭ ᠲᠤ ᠬᠦᠷᠴᠡᠢ᠃ |