ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ | ᠦᠷᠭᠦᠯᠵᠢᠯᠡᠨ ᠴᠢᠩᠭᠠᠷᠠᠭᠤᠯᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠠᠵᠤ ᠠᠬᠤᠶ | ᠲᠣᠭᠲᠠᠭᠤᠨ ᠢᠶᠠᠷ ᠳᠡᠭᠡᠭᠰᠢᠯᠡᠵᠦ᠂ ᠦᠷᠭᠦᠯᠵᠢᠯᠡᠨ ᠰᠠᠶᠢᠵᠢᠷᠠᠪᠠ᠃ | ᠬᠤᠰᠢᠭᠤ ᠰᠢᠶᠠᠨ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ | ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠨ᠂ 2024 ᠣᠨ ᠤ ᠲᠦᠷᠦᠭᠦᠤ ᠭᠤᠷᠪᠠᠨ ᠤᠯᠠᠷᠢᠯ ᠳᠤ᠂ | ᠬᠤᠷᠴᠢᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 255.24 ᠳ᠋ᠦᠩᠰᠢᠭᠤᠷ | ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6. | 1% ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 12.32 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ︔ ᠬᠤᠶᠠᠳᠤᠭᠠᠷ | ᠠᠵᠤᠦᠢᠯᠡᠰ ᠤᠨ ᠨᠡᠮᠡᠭᠳᠡᠯ ᠥᠷᠲᠡᠭ 83.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | 159.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ᠃ | ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 4.8᠄ 32.62.6᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠨᠡᠮᠡᠭᠳᠡᠪᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ᠃ ᠭᠤᠷᠪᠠᠨ | ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 30.8% ᠪᠠᠷ ᠨᠡᠮᠡᠭᠳᠡᠵᠦ᠂ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ | 19.2% ᠢᠶᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ | ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ | ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠬᠤᠪᠢ | ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13. | 5% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠥᠷᠲᠡᠭ 1.0% ᠪᠠᠷ ᠨᠡᠮᠡᠭᠳᠡᠪᠡ᠃ | ᠠᠵᠤ ᠠᠬᠤᠶ ᠶᠢᠨ ᠪᠠᠶᠢᠳᠠᠯ ᠠᠴᠠ ᠦᠵᠡᠪᠡᠯ᠂ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠡᠵᠡᠩᠨᠡᠯᠲᠡ ᠶᠢᠨ | ᠣᠷᠣᠯᠭ᠎ᠠ 165.04 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2% | ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 10.41 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠡᠷᠦᠩᠬᠡᠢ ᠳᠤ ᠪᠠᠨ ᠲᠦᠷᠭᠡᠨ ᠨᠡᠮᠡᠭᠳᠡᠪᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24. | 5% ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 70.6% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 26.5% ᠪᠠᠷ ᠪᠠᠭᠤᠷᠠᠪᠠ᠃ ᠭᠤᠷᠪᠠᠨ ᠶᠡᠭᠡ ᠬᠦᠷᠢᠶ᠎ᠡ ᠴᠠᠷᠠᠭ᠎ᠠ ᠠᠴᠠ ᠠᠪᠴᠤ | ᠦᠵᠡᠪᠡᠯ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 38.5% ᠪᠠᠷ | ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 50.1% ᠪᠠᠷ | ᠪᠠᠭᠤᠷᠠᠵᠤ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 104. | 2% ᠢᠶᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 84.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.0% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ | ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 4.1% ᠪᠠᠷ | ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.1% ᠪᠠᠷ | ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠢᠳᠡᠭᠡᠨ ᠤᠮᠳᠠᠭᠠᠨ ᠤ ᠣᠷᠣᠯᠭ᠎ᠠ 2.3% ᠪᠠᠷ ᠨᠡᠮᠡᠭᠳᠡᠵᠦ | ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ 3.0% ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠬᠡᠮᠵᠢᠭᠳᠡᠯ ᠠᠴᠠ ᠦᠵᠡᠪᠡᠯ᠂ ᠦᠨᠳᠦᠰᠦᠨ | ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠵᠦ᠂ ᠠᠮᠤ ᠲᠣᠰᠣ᠂ | ᠢᠳᠡᠭᠡᠨ ᠤ ᠲᠥᠷᠥᠯ 6.3% ᠪᠠᠷ ᠨᠡᠮᠡᠭᠳᠡᠨ᠂ ᠡᠳᠦᠷ ᠲᠤᠲᠤᠮ ᠤᠨ ᠬᠡᠷᠡᠭᠯᠡᠭᠡᠨ ᠤ ᠵᠦᠶ᠋ᠯ 14.7% ᠪᠠᠷ | ᠨᠡᠮᠡᠭᠳᠡᠪᠡ᠃ ᠳᠡᠰ ᠳᠡᠪᠰᠢᠬᠦ ᠲᠥᠷᠥᠯ ᠤᠨ ᠲᠠᠸᠠᠷ ᠤᠨ ᠪᠣᠷᠣᠯᠠᠭᠤᠯᠤᠯᠲᠠ ᠲᠦᠷᠭᠡᠨ ᠢᠶᠠᠷ ᠨᠡᠮᠡᠭᠳᠡᠵᠦ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ 92% ᠢᠶᠠᠷ ᠨᠡᠮᠡᠭᠳᠡᠵᠦ᠂ ᠪᠡᠶ᠎ᠡ ᠲᠠᠮᠢᠷ᠂ ᠵᠤᠭ᠎ᠠ | ᠴᠡᠩᠭᠡᠯ ᠳᠤ ᠬᠡᠷᠡᠭᠯᠡᠬᠦ ᠡᠳ᠋ ᠤᠨ ᠲᠥᠷᠥᠯ 58% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ | ᠲᠥᠷᠥᠯ 126.7% ᠪᠠᠷ ᠨᠡᠮᠡᠭᠳᠡᠨ᠂ ᠴᠢᠯᠠᠭᠤᠨ ᠲᠣᠰᠣᠨ ᠤ ᠪᠦᠲᠦᠭᠡᠭᠳᠡᠬᠦᠨ ᠤ ᠲᠥᠷᠥᠯ 8.0% ᠢᠶᠠᠷ | ᠨᠡᠮᠡᠭᠳᠡᠪᠡ᠃ | ᠳᠥᠷᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30089 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35213 ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18877 ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 7.0% ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠤ ᠭᠤᠷᠪᠠᠨ ᠤᠯᠠᠷᠢᠯ ᠳᠤ ᠬᠤᠷᠴᠢᠨ ᠲᠣᠭᠤᠷᠢᠭ ᠤᠨ ᠠᠵᠤ | ᠠᠬᠤᠶ ᠶᠢᠨ ᠠᠵᠢᠯᠯᠠᠭᠠᠨ ᠲᠣᠭᠲᠠᠭᠤᠨ ᠪᠠᠶᠢᠵᠤ᠂ ᠴᠢᠨᠠᠷ ᠰᠠᠶᠢᠲᠠᠶ ᠬᠥᠭᠵᠢᠯᠲᠡ ᠦᠷᠭᠦᠯᠵᠢᠯᠡᠨ ᠠᠭᠢᠪᠠ᠃ | ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ | ᠣᠷᠣᠨ ᠪᠣᠯᠤᠨ ᠲᠦᠩᠯᠢᠶᠣᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠪᠣᠯᠤᠨ᠎ᠠ᠃ ᠢᠲᠡᠭᠡᠯ ᠵᠣᠷᠢᠭ ᠢᠶᠠᠨ | ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠵᠤ᠂ | ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠤ ᠠᠵᠢᠯᠯᠠᠭᠠᠨ ᠤ ᠪᠠᠶᠢᠳᠠᠯ ᠢ ᠦᠷᠭᠦᠯᠵᠢᠯᠡᠨ | ᠠᠩᠬᠠᠷᠴᠤ᠂ ᠪᠦᠬᠦ ᠲᠤᠭᠤᠷᠢᠭ ᠤᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠪᠠᠲᠤᠯᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠲᠣᠭᠲᠠᠭᠰᠠᠨ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ |