ᠬᠤᠷᠴᠢᠨ ᠲᠣᠭᠤᠷᠢᠭ᠄ ᠡᠷᠳᠡᠨᠢ ᠰᠢᠰᠢ ᠡᠯᠪᠡᠭ ᠬᠤᠷᠢᠶᠠᠯᠲᠠ ᠣᠯᠵᠤ  ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/10/29
      ᠡᠨᠡ ᠵᠢᠯ᠂ ᠬᠤᠷᠴᠢᠨ ᠲᠣᠭᠤᠷᠢᠭ ᠤᠨ ᠠᠷᠪᠠᠨ ᠲᠦᠮᠡᠨ ᠮᠦ ︽ᠲᠣᠨ ᠠᠮᠤ ᠪᠤᠳᠠᠭᠠᠨ ᠤ ᠲᠠᠷᠢᠶᠠᠨ ᠭᠠᠵᠠᠷ︾ ᠤᠨ ᠮᠦ ᠪᠦᠷᠢ ᠶᠢᠨ ᠤᠨᠠᠯᠲᠠ 1042.1 ᠺᠢᠯᠣᠭ᠍ᠷᠠᠮ ᠬᠦᠷᠴᠦ᠂ ᠪᠥᠬᠦ ᠤᠯᠤᠰ ᠤᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠷᠪᠠᠨ ᠲᠦᠮᠡᠨ ᠮᠦ ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠡᠭᠦᠳᠪᠡ᠃ ᠬᠤᠷᠴᠢᠨ ᠲᠣᠭᠤᠷᠢᠭ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠡᠷᠳᠡᠨᠢ ᠰᠢᠰᠢ ᠶᠢ ᠨᠢᠭᠲᠠ ᠳᠠᠷᠢᠵᠤ ᠰᠡᠷᠭᠡᠶᠢᠯᠡᠨ ᠡᠵᠡᠮᠳᠡᠬᠦ ᠮᠡᠷᠭᠡᠵᠢᠯ ᠢ ᠲᠠᠰᠤᠷᠠᠯᠲᠠ ᠥᠬᠡᠶ ᠨᠠᠷᠢᠯᠢᠭᠵᠢᠭᠤᠯᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 10 ᠲᠦᠮᠡᠨ ᠮᠦ ᠪᠡᠶᠡᠯᠡᠭᠦᠯᠵᠦ᠂ ︽ᠭᠤᠷᠪᠠᠨ ᠲᠠᠷᠢᠶ᠎ᠠ ᠬᠤᠶᠠᠷ ᠲᠣᠭᠤᠷᠢᠭ ᠲᠦᠷᠪᠡᠨ ᠲᠤᠯᠤᠭᠴᠢ︾ ᠶᠢᠰᠦᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠰᠣᠳᠣᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠶᠡᠷᠦᠩᠬᠡᠢ ᠲᠠᠯᠠᠪᠠᠢ 2.85 ᠲᠦᠮᠡᠨ ᠮᠦ ᠳᠤ ᠬᠦᠷᠴᠡᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号