ᠬᠤᠷᠴᠢᠨ ᠲᠣᠭᠤᠷᠢᠭ ᠤᠨ ᠬᠢᠨ ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠴᠢᠷᠮᠠᠶᠢᠨ ᠠᠬᠢᠭᠤᠯᠪᠠ
ᠨᠡᠶᠢᠲᠡᠯᠡᠭᠰᠡᠨ ᠴᠠᠭ᠄
2024/10/30
      ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠤᠯ ᠪᠣᠯᠭᠠᠬᠤ᠂ ᠲᠠᠷᠢᠶᠠᠴᠢᠨ ᠡᠷᠦᠬᠡ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠷᠴᠢᠮ ᠢ ᠪᠠᠷᠢᠮᠲᠠᠯᠠᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠠᠯᠠᠵᠤ ᠪᠣᠯᠪᠠᠰᠤᠷᠠᠭᠤᠯᠬᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠠᠵᠤ ᠦᠢᠯᠡᠰ ᠤᠨ ᠨᠢᠭᠡ ᠴᠤᠭᠴᠠᠵᠢᠭᠰᠠᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠡᠭᠦᠨ ᠤ ᠬᠠᠮᠲᠤ᠂ ᠰᠢᠨ᠎ᠡ ᠶᠢ ᠡᠭᠦᠳᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠯᠠᠰᠢᠨ ᠦᠬᠡᠷ ᠤᠨ ᠠᠵᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠳᠡᠭᠡᠳᠦ ᠳᠡᠰᠵᠢᠯᠲᠡ᠂ ᠤᠶᠤᠨᠴᠢᠯᠠᠯᠲᠠ᠂ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠬᠤ ᠪᠠᠷ ᠳᠠᠮᠵᠢᠭᠤᠯᠤᠨ᠂ ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号