ᠬᠤᠷᠴᠢᠨ ᠲᠣᠭᠤᠷᠢᠭ᠄ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠯᠠᠪᠳᠠᠭᠤᠨ ᠪᠠᠲᠤᠲᠠᠢ ᠶᠠᠪᠤᠭᠳᠠᠨ᠎ᠠ
ᠨᠡᠶᠢᠲᠡᠯᠡᠭᠰᠡᠨ ᠴᠠᠭ᠄
2024/10/8
      ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢᠨ ᠮᠠᠶ᠋ᠢᠭ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠠᠪᠠᠭᠤᠯᠢᠭ ᠠᠵᠤ ᠦᠢᠯᠡᠰ ᠤᠨ ᠰᠢᠨᠡᠴᠢᠯᠡᠯᠲᠡ ᠰᠣᠯᠢᠭᠳᠠᠯ ᠢ ᠴᠢᠬᠤᠯᠠᠴᠢᠯᠠᠵᠤ ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠢᠶᠠᠷ ᠠᠵᠢᠯᠯᠠᠭᠤᠯᠪᠠ᠃ 1 - 8 ᠰᠠᠷ᠎ᠠ ᠳᠤ᠂ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠡᠵᠡᠩᠨᠡᠯᠲᠡ ᠶᠢᠨ ᠣᠷᠣᠯᠭ᠎ᠠ ᠶᠢ 147.07 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠪᠡ︔ ᠠᠰᠢᠭ ᠬᠤᠨᠵᠢᠪᠣᠷᠢ ᠶᠢᠨ ᠶᠡᠷᠦᠩᠬᠡᠢ ᠲᠤᠭ᠎ᠠ 8.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号