ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠬᠠᠮᠠᠭᠠᠯᠠᠬᠤ ᠪᠠᠷ ᠭᠤᠣᠯ ᠪᠣᠯᠭᠠᠬᠤ᠂ ᠤᠯᠠᠮᠵᠢᠯᠠᠨ | ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠳ᠋ᠠᠶᠢᠲ᠋ᠠ ᠬᠥᠮᠥᠷᠭᠡ ᠶᠢᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠴᠢᠳᠠᠪᠤᠷᠢ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠲᠥᠯᠥᠭᠡᠯᠡᠬᠦ ᠴᠢᠨᠠᠷᠲᠠᠶ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠲᠥᠷᠥᠯ ᠵᠦᠢᠯ ᠪᠠ ᠤᠯᠠᠮᠵᠢᠯᠠᠨ | ᠵᠠᠯᠭᠠᠮᠵᠢᠯᠠᠭᠴᠢ ᠶᠢ ᠬᠥᠮᠦᠵᠢᠭᠦᠯᠦᠨ ᠲᠡᠳᠬᠦᠬᠦ ᠡᠷᠴᠢᠮ ᠢ ᠬᠦᠴᠦᠯᠡᠨ ᠴᠢᠩᠭᠠᠷᠠᠭᠤᠯᠵᠤ᠂ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ ᠤᠨ | ᠲᠥᠯᠥᠪᠯᠡᠭᠡ ᠶᠢ ᠬᠡᠷᠡᠭᠵᠢᠭᠦᠯᠦᠨ᠂ ᠨᠢᠭᠡ ᠪᠦᠯᠦᠭ ᠴᠢᠳᠠᠪᠤᠷᠢ ᠲᠠᠢ᠂ ᠪᠠᠭ᠋ᠠᠳᠠᠢ᠂ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠲᠠᠢ ᠬᠥᠮᠦᠰ ᠢ ᠴᠢᠷᠮᠠᠶᠢᠨ ᠬᠥᠮᠦᠵᠢᠭᠦᠯᠵᠦ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ ᠢ ᠤᠯᠠᠮᠵᠢᠯᠠᠨ ᠬᠠᠮᠠᠭᠠᠯᠠᠬᠤ ᠳᠤ ᠣᠷᠤᠯᠴᠠᠭᠤᠯᠤᠨ᠎ᠠ᠃ |