ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠡᠯ᠎ᠡ ᠵᠦᠢᠯ ᠤᠨ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ | ᠠᠳᠬᠤᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠪᠦᠬᠦ | ᠲᠣᠭᠤᠷᠢᠭ ᠤᠨ ᠠᠵᠤ ᠠᠬᠤᠢ ᠶᠢᠨ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ | 1-10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃ ᠭᠤᠷᠪᠠᠨ | ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 21.3% ᠪᠠᠷ ᠨᠡᠮᠡᠭᠳᠡᠵᠦ᠂ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ | 16.8% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ | ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠬᠤᠪᠢᠴᠠᠭᠠᠳᠤ ᠲᠦᠷᠢᠮ ᠤᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠵᠦ᠂ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ | ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠵᠤ᠂ ᠬᠤᠪᠢ ᠶᠢᠨ | ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 59.8% ᠪᠠᠷ | ᠨᠡᠮᠡᠭᠳᠡᠪᠡ᠃ ᠠᠵᠤ ᠠᠬᠤᠶ ᠶᠢᠨ ᠪᠠᠶᠢᠳᠠᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠡᠵᠡᠩᠨᠡᠯᠲᠡ ᠶᠢᠨ ᠣᠷᠣᠯᠭ᠎ᠠ 184.08 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 14.3% ᠪᠠᠷ ᠨᠡᠮᠡᠭᠳᠡᠨ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 12.72 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ᠃ | ᠦᠢᠯᠡᠳᠬᠦᠨ ᠤ ᠭᠠᠷᠤᠯᠲᠠ ᠠᠴᠠ ᠦᠵᠡᠪᠡᠯ᠂ ᠪᠥᠬᠦ ᠲᠣᠭᠤᠷᠢᠭ ᠤᠨ 21 ᠵᠦᠢᠯ ᠤᠨ ᠠᠵᠤ ᠦᠢᠯᠡᠳᠪᠦᠷᠢ ᠶᠢᠨ | ᠦᠢᠯᠡᠳᠬᠦᠨ ᠤ ᠳᠣᠲᠣᠷᠠᠬᠢ 11 ᠵᠦᠢᠯ ᠤᠨ ᠦᠢᠯᠡᠳᠬᠦᠨ ᠤ ᠭᠠᠷᠤᠯᠲᠠ ᠡᠶᠡᠷᠭᠦ ᠨᠡᠮᠡᠭᠳᠡᠯ ᠢ ᠪᠡᠶᠡᠯᠡᠭᠦᠯᠪᠡ᠃ | ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 40.1% ᠪᠠᠷ | ᠨᠡᠮᠡᠭᠳᠡᠪᠡ︔ ᠬᠦᠬᠦᠷ ᠬᠦᠴᠢᠯ ︵100%︶ ᠤᠨ ᠭᠠᠷᠤᠯᠲᠠ 58.3% ᠪᠠᠷ ᠨᠡᠮᠡᠭᠳᠡᠪᠡ︔ ᠲᠠᠸᠠᠷ ᠤᠨ | ᠪᠧᠲ᠋ᠤᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠪᠡ︔ ᠪᠣᠯᠭᠤᠭᠰᠠᠨ ᠮᠢᠬᠠᠨ ᠤ | ᠭᠠᠷᠤᠯᠲᠠ 5.5% ᠪᠠᠷ ᠨᠡᠮᠡᠭᠳᠡᠪᠡ︔ ᠨᠠᠷᠢᠯᠢᠭ ᠢᠳᠡᠭᠡᠨ ᠤ ᠤᠷᠭᠤᠮᠠᠯ ᠤᠨ ᠲᠤᠰᠤᠨ ᠤ ᠭᠠᠷᠤᠯᠲᠠ 30. | 6% ᠪᠠᠷ ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ | 1-10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 19.5% ᠪᠠᠷ ᠨᠡᠮᠡᠭᠳᠡᠪᠡ᠃ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1579.5% ᠪᠠᠷ ᠨᠡᠮᠡᠭᠳᠡᠵᠦ᠂ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.4% ᠪᠠᠷ | ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7. | 3% ᠪᠠᠷ ᠨᠡᠮᠡᠭᠳᠡᠪᠡ᠃ ᠭᠤᠷᠪᠠᠨ ᠶᠡᠭᠡ ᠬᠦᠷᠢᠶᠡᠨ ᠠᠴᠠ ᠦᠵᠡᠪᠡᠯ᠂ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.0% ᠢᠶᠠᠷ ᠨᠡᠮᠡᠭᠳᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.9% ᠪᠠᠷ | ᠪᠠᠭᠤᠷᠠᠵᠤ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37. | 7% ᠪᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠪᠡ | 1 - 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ 49.73 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ | ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 7.0% ᠪᠠᠷ ᠪᠠᠭᠤᠷᠠᠪᠠ᠃ ᠬᠡᠷᠡᠭᠯᠡᠭᠡᠨ ᠤ | ᠪᠠᠶᠢᠳᠠᠯ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6. | 4% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 81.7% ᠪᠠᠷ | ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ | ᠥᠷᠲᠡᠭ ᠠᠴᠠ ᠦᠵᠡᠪᠡᠯ᠂ ᠬᠡᠰᠡᠭ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ | ᠲᠣᠭᠲᠠᠭᠤᠨ ᠢᠶᠠᠷ ᠨᠡᠮᠡᠭᠳᠡᠵᠦ᠂ ᠠᠮᠤ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 5.9% | ᠨᠡᠮᠡᠭᠳᠡᠵᠦ᠂ ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 17.7% ᠨᠡᠮᠡᠭᠳᠡᠵᠦ᠂ ᠡᠳᠦᠷ | ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 14.9% ᠨᠡᠮᠡᠭᠳᠡᠵᠦ᠂ ᠬᠤᠪᠴᠠᠰᠤ ᠬᠤᠨᠠᠷ | ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ᠃ ᠳᠡᠰ | ᠳᠡᠪᠰᠢᠬᠦ ᠲᠥᠷᠥᠯ ᠤᠨ ᠬᠡᠰᠡᠭ ᠲᠠᠸᠠᠷ ᠤᠨ ᠪᠣᠷᠣᠯᠠᠭᠤᠯᠤᠯᠲᠠ ᠲᠦᠷᠭᠡᠨ ᠢᠶᠠᠷ ᠨᠡᠮᠡᠭᠳᠡᠵᠦ᠂ ᠴᠢᠮᠡᠭᠡ ᠬᠤᠯᠪᠣᠭᠠᠨ ᠤ | ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 118.4% ᠪᠠᠷ ᠨᠡᠮᠡᠭᠳᠡᠵᠦ᠂ ᠪᠡᠶ᠎ᠡ ᠲᠠᠮᠢᠷ᠂ | ᠵᠤᠭ᠎ᠠ ᠴᠡᠩᠭᠡᠯ ᠤᠨ ᠬᠡᠷᠡᠭᠯᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 58.5% ᠪᠠᠷ ᠨᠡᠮᠡᠭᠳᠡᠵᠦ᠂ | ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ 1 - 10 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠠᠵᠤ | ᠠᠬᠤᠶ ᠶᠡᠷᠦᠩᠬᠡᠶ ᠳᠡᠭᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠲᠤᠯᠠᠨ᠎ᠠ᠂ ᠭᠡᠪᠡᠴᠦ ᠳᠣᠲᠣᠭᠠᠳᠤ ᠭᠠᠳᠠᠭᠠᠳᠤ | ᠣᠷᠴᠢᠨ ᠲᠣᠭᠤᠷᠢᠨ ᠤ ᠲᠣᠭᠲᠠᠪᠤᠷᠢ ᠦᠭᠡᠢ ᠬᠦᠴᠦᠨ ᠵᠦᠢᠯ ᠨᠡᠯᠢᠶᠡᠳ ᠤᠯᠠᠨ᠂ ᠬᠦᠴᠢᠷᠳᠡᠯ ᠥᠷᠢᠰᠥᠯᠳᠦᠭᠡᠨ | ᠮᠥᠨ ᠬᠦ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠠᠨᠳᠤᠰᠢ ᠶᠢ ᠬᠦᠴᠦᠯᠡᠨ | ᠪᠠᠬᠢᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠡᠷᠡᠭᠯᠡᠭᠡᠨ ᠤ ᠵᠠᠬ᠎ᠠ | ᠳᠡᠯᠭᠡᠭᠦᠷ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ | ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ |