ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠷᠳᠡᠨᠢ ᠰᠢᠰᠢ ᠶᠢᠨ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠴᠤᠭᠯᠠᠷᠠᠯ᠂ ᠰᠦᠷᠦᠭᠯᠡᠨ ᠬᠥᠭᠵᠢᠬᠦ ᠶᠢ ᠪᠥᠬᠦ | ᠬᠦᠴᠦᠨ ᠢᠶᠠᠷ ᠠᠬᠢᠭᠤᠯᠪᠠ᠃ ᠮᠧᠢ ᠬᠤᠸᠠ ᠠᠮᠢᠳᠤ ᠪᠣᠳᠠᠰ ᠤᠨ ᠳᠠᠯᠠᠢ ᠶᠢᠨ ᠵᠠᠮᠠᠭ ᠤᠨ ᠰᠢᠬᠢᠷ᠂ ᠡᠮ ᠳᠤ ᠬᠡᠷᠡᠭᠯᠡᠬᠦ | ᠰᠢᠪᠲᠦᠷᠲᠦ ᠬᠦᠴᠢᠯ ᠤᠨ ᠦᠢᠯᠡᠳᠪᠦᠷᠢᠯᠡᠯ ᠢ ᠥᠷᠭᠡᠳᠬᠡᠬᠦ ᠵᠡᠷᠭᠡ ᠲᠦᠷᠦᠯ ᠵᠦᠢᠯ ᠨᠢ ᠠᠵᠤ ᠦᠢᠯᠡᠰ ᠤᠨ ︽ᠬᠥᠬᠡ | ᠲᠠᠩᠭᠢᠰ︾ ᠢ ᠨᠡᠭᠡᠭᠡᠵᠦ᠂ ︽ᠡᠷᠳᠡᠨᠢ ᠰᠢᠰᠢ - ᠴᠠᠷᠳᠠᠭᠤᠯ - ᠰᠢᠪᠲᠦᠷᠲᠦ ᠬᠦᠴᠢᠯ︾᠂ ︽ᠡᠷᠳᠡᠨᠢ ᠰᠢᠰᠢ - | ᠴᠠᠷᠳᠠᠭᠤᠯ - ᠰᠫᠢᠷᠲ︾᠂ ︽ᠡᠷᠳᠡᠨᠢ ᠰᠢᠰᠢ - ᠴᠠᠷᠳᠠᠭᠤᠯ - ᠣᠷᠭᠠᠨᠢᠭ ᠬᠦᠴᠢᠯ - ᠰᠦᠨ ᠬᠦᠴᠢᠯ - ᠨᠡᠶᠢᠯᠡᠮᠡᠯ | ᠰᠦᠨ ᠬᠦᠴᠢᠯ - ᠤᠶᠢᠯᠡᠳᠪᠤᠷᠢᠯᠠᠯ ᠤᠨ ᠵᠠᠳᠠᠷᠠᠵᠤ ᠪᠤᠯᠬᠤ ᠰᠢᠨ᠎ᠡ ᠮᠠᠲ᠋ᠧᠷᠢᠶᠠᠯ︾ ᠢᠶᠠᠷ ᠲᠥᠯᠥᠭᠡᠯᠡᠭᠦᠯᠦᠭᠰᠡᠨ ᠠᠵᠤ | ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠪᠦᠲᠦᠭᠡᠭᠳᠡᠬᠦᠨ ᠢ ᠦᠷᠭᠦᠯᠵᠢᠯᠡᠨ ᠳᠡᠭᠡᠳᠦ ᠲᠡᠰᠵᠢᠭᠦᠯᠬᠦ ᠲᠡᠶᠢᠰᠢ | ᠤᠷᠤᠭᠰᠢᠯᠠᠭᠤᠯᠪᠠ᠃ ᠥᠪᠥᠷ ᠮᠣᠩᠭᠤᠯ ᠤᠨ ᠬᠠᠶ ᠯᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ 10 ᠲᠦᠮᠡᠨ ᠲᠣᠨ ᠤᠭᠤᠷᠠᠭ ᠥᠢᠢᠯᠡᠳᠪᠦᠷᠢᠯᠡᠬᠦ ᠬᠠᠭᠤᠷᠮᠠᠭ ᠰᠢᠷᠬᠡᠭᠲᠦ ᠢᠰᠬᠡᠭᠰᠡᠨ ᠡᠬᠡ | ᠤᠭᠤᠷᠠᠭ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠴᠢᠳᠠᠮᠵᠢ ᠶᠢᠨ ᠴᠢᠨᠠᠷᠲᠠᠶ ᠠᠮᠢᠳᠤ ᠪᠣᠳᠠᠰ ᠤᠨ | ᠢᠰᠬᠡᠭᠰᠡᠨ ᠪᠣᠷᠳᠤᠭ᠎ᠠ ᠥᠢᠢᠯᠡᠳᠪᠦᠷᠢᠯᠡᠬᠦ ᠪᠠ ᠬᠡᠷᠡᠭᠯᠡᠬᠦ ᠶᠢ ᠤᠯᠠᠮ ᠨᠢᠭᠡ ᠠᠯᠬᠤᠮ ᠨᠡᠭᠡᠭᠡᠨ ᠬᠥᠭᠵᠢᠭᠦᠯᠵᠦ᠂ ᠡᠯ᠎ᠡ | ᠲᠥᠷᠥᠯ ᠤᠨ ᠪᠣᠷᠳᠤᠭ᠎ᠠ ᠪᠣᠯᠭᠠᠵᠤ ᠪᠣᠯᠬᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠵᠦ᠂ ᠰᠢᠨᠵᠢᠯᠡᠬᠦ ᠤᠬᠠᠭᠠᠨᠴᠢ ᠪᠠᠷ | ᠠᠰᠢᠭᠯᠠᠨ᠎ᠠ᠃ |