ᠬᠤᠷᠴᠢᠨ ᠲᠣᠭᠤᠷᠢᠭ᠄ ᠠᠵᠢᠯ ᠣᠯᠭᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/12/13
    ᠡᠨᠡ ᠵᠢᠯ᠂ ᠬᠤᠷᠴᠢᠨ ᠲᠣᠭᠤᠷᠢᠭ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠲᠠᠲᠠᠵᠤ ᠲᠤᠬᠠᠢ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ ᠣᠯᠭᠤᠬᠤ ᠪᠠ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠠᠵᠢᠯ ᠢ ᠵᠡᠷᠭᠡᠪᠡᠷ ᠠᠳᠬᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠦᠨ᠎ᠡ᠃ 1 - 10 ᠰᠠᠷ᠎ᠠ ᠳᠤ᠂ ᠬᠤᠷᠴᠢᠨ ᠲᠣᠭᠤᠷᠢᠭ ᠤᠨ ᠬᠤᠲᠠ ᠪᠠᠯᠭᠠᠰᠤᠨ ᠳᠤ 6871 ᠬᠥᠮᠦᠨ ᠳᠤ ᠰᠢᠨ᠎ᠡ ᠪᠠᠷ ᠠᠵᠢᠯ ᠣᠯᠭᠤᠵᠤ᠂ 81608 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 1670 ᠬᠥᠮᠦᠨ ᠳᠤ ᠠᠵᠢᠯ ᠣᠯᠭᠤᠪᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号