ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠦᠷᠳᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ | ᠂ ᠲᠡᠭᠦᠨ ᠤ ᠴᠢᠳᠠᠮᠵᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ | ᠮᠠᠶ᠋ᠢᠭ ᠢᠶᠠᠷ ᠤᠯᠠᠨ ᠶᠠᠩᠵᠤ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ | ᠰᠠᠭᠤᠭᠠᠯᠢ ᠠᠷᠠᠳ ᠤᠯᠠᠨ ᠤ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ ᠬᠡᠷᠡᠭᠴᠡᠭᠡ ᠶᠢ ᠪᠦᠬᠦ | ᠬᠦᠴᠦᠨ ᠢᠶᠠᠷ ᠢᠶᠠᠨ ᠬᠠᠩᠭᠠᠵᠤ᠂ ᠤᠯᠠᠨ ᠲᠦᠮᠡᠨ ᠳᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠪᠡ᠃ ᠡᠭᠦᠨ ᠤ | ᠬᠠᠮᠲᠤ᠂ ᠣᠨᠣᠯ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠦᠢᠯᠡᠴᠢᠯᠡᠭᠡ᠂ ᠡᠮᠴᠢᠯᠡᠭᠡ ᠪᠡᠶ᠎ᠡ ᠴᠢᠭᠢᠷᠠᠭᠵᠢᠭᠤᠯᠬᠤ | ᠵᠡᠷᠭᠡ ᠣᠯᠠᠨ ᠲᠠᠯ᠎ᠠ ᠶᠢᠨ ᠲᠤᠰᠬᠠᠶ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ | ᠪᠠᠶᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ | ᠵᠣᠯᠭᠠᠭᠤᠯᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢᠨ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠪᠠ᠃ |