12 ᠳ᠋ᠤᠭᠠᠷ ᠰᠠᠷ᠎ᠠ ᠠᠴᠠ ᠨᠠᠰᠢ᠂ ᠬᠤᠷᠴᠢᠨ ᠲᠣᠭᠤᠷᠢᠭ ᠤᠨ ᠬᠢᠨ ᠪᠥᠬᠦ ᠤᠯᠤᠰ ᠤᠨ ᠠᠵᠢᠯᠴᠢᠨ ᠤ | ᠡᠪᠯᠡᠯ ᠤᠨ ᠰᠢᠰᠲ᠋ᠧᠮ ᠤᠨ ᠳᠤᠷᠠᠳᠤᠭᠰᠠᠨ ᠴᠠᠯᠢᠩ ᠥᠷᠢᠲᠦᠬᠦ ᠶᠢ ᠵᠠᠰᠠᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ | ᠶᠡᠬᠡᠪᠡᠷ ᠥᠷᠨᠢᠭᠦᠯᠬᠦ ᠱᠠᠭᠠᠷᠳᠠᠯᠭ᠎ᠠ ᠶᠢ ᠢᠳᠡᠪᠬᠢᠲᠡᠶ ᠳᠠᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠴᠢᠩᠭᠠᠳᠬᠠᠬᠤ᠂ ︽ᠨᠢᠭᠡ ᠵᠠᠬᠢᠳᠠᠯ ᠬᠤᠶᠠᠷ ᠪᠢᠴᠢᠭ︾ ᠢ ᠨᠡᠶᠢᠲᠡᠯᠡᠬᠦ᠂ ᠠᠵᠢᠯᠴᠢᠨ ᠤ ᠡᠪᠯᠡᠯ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠬᠤ᠂ ᠬᠠᠤᠯᠢ ᠴᠠᠭᠠᠵᠠ ᠶᠢᠨ ᠠᠵᠢᠯ ᠤᠨ | ᠲᠠᠩᠰᠠ ᠡᠪᠬᠡᠮᠡᠯ ᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠴᠢᠨ ᠤ ᠡᠪᠯᠡᠯ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠳᠣᠬᠠᠨ | ᠪᠣᠯᠲᠠᠯ᠎ᠠ᠂ ᠬᠤᠷᠴᠢᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠨᠢᠭᠡᠨᠲᠡ 16 ᠬᠡᠷᠡᠭ ᠢ ᠠᠮᠵᠢᠯᠲᠠ ᠲᠠᠢ | ᠡᠶᠡᠳᠡᠭᠦᠯᠵᠦ᠂ ᠬᠥᠳᠡᠯᠮᠦᠷᠢᠴᠢᠳ ᠲᠤ 54 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ | ᠠᠪᠴᠢᠷᠠᠪᠠ᠃ |