ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠬᠠᠤᠯᠢ ᠪᠠᠷ ᠵᠠᠰᠠᠬᠤ ᠵᠢᠭᠰᠠᠭᠠᠯ ᠤᠨ ᠭᠠᠵᠠᠷ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠤᠯᠢ ᠲᠦᠭᠡᠮᠡᠯᠵᠢᠭᠦᠯᠬᠦ ᠡᠩᠨᠡᠭᠡ ᠶᠢ | ᠪᠤᠵᠠᠭᠠᠶᠢᠷᠠᠭᠤᠯᠤᠨ᠂ ᠬᠠᠤᠯᠢ ᠪᠠᠷ ᠵᠠᠰᠠᠬᠤ ᠠᠵᠢᠯᠯᠠᠭ᠎ᠠ ᠶᠢ ᠪᠠᠶᠠᠯᠢᠭᠵᠢᠭᠤᠯᠵᠤ᠂ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠪᠠ᠃ ᠬᠤᠷᠴᠢᠨ ᠲᠣᠭᠤᠷᠢᠭ ᠤᠨ ᠬᠢᠨ ᠡᠯ᠎ᠡ ᠲᠥᠷᠥᠯ ᠤᠨ | ᠡᠬᠢ ᠪᠠᠶᠠᠯᠢᠭ ᠢ ᠢᠳᠡᠪᠬᠢᠲᠡᠢ ᠰᠢᠯᠢᠳᠡᠭᠵᠢᠭᠦᠯᠦᠨ ᠨᠡᠶᠢᠳᠬᠡᠵᠦ᠂ ᠬᠠᠤᠯᠢ ᠪᠠᠷ ᠵᠠᠰᠠᠬᠤ ᠠᠭᠤᠳᠠᠮ ᠲᠠᠯᠠᠪᠠᠶ ᠶᠢᠨ | ᠪᠠᠶᠢᠭᠤᠯᠤᠯᠲᠠ᠂ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠶᠢᠨ ᠪᠤᠯᠤᠩ ᠵᠡᠷᠭᠡ ᠪᠣᠰᠤᠭ᠎ᠠ ᠴᠣᠭᠴᠠᠲᠤ | ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠪᠠᠶᠢᠭᠤᠯᠵᠤ᠂ ᠡᠯ᠎ᠡ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠪᠦᠯᠬᠦᠮ᠂ ᠭᠠᠴᠠᠭ᠎ᠠ ᠲᠣᠰᠬᠤᠨ ᠤ ᠷᠠᠳᠢᠣ᠋ ᠨᠡᠪᠲᠡᠷᠡᠭᠦᠯᠭᠡ ᠵᠡᠷᠭᠡ ᠰᠢᠨ᠎ᠡ ᠬᠡᠯᠪᠡᠷᠢ ᠶᠢᠨ | ᠵᠢᠭᠰᠠᠭᠠᠯ ᠤᠨ ᠭᠠᠵᠠᠷ ᠢ ᠢᠳᠡᠪᠬᠢᠲᠡᠢ ᠠᠰᠢᠭᠯᠠᠵᠤ᠂ ᠬᠠᠤᠯᠢ ᠰᠤᠷᠴᠤ ᠬᠠᠤᠯᠢ ᠬᠡᠷᠡᠭᠯᠡᠬᠦ ᠤᠬᠠᠭᠤᠯᠭ᠎ᠠ ᠶᠢ | ᠥᠷᠨᠢᠭᠦᠯᠪᠡ᠃ ᠡᠭᠦᠨ ᠤ ᠬᠠᠮᠲᠤ᠂ ᠬᠠᠤᠯᠢᠴᠢ᠂ ᠬᠠᠤᠯᠢ ᠴᠠᠭᠠᠵᠠ ᠶᠢᠨ ᠠᠵᠢᠯᠲᠠᠨ ᠵᠡᠷᠭᠡ ᠪᠠᠷ ᠪᠦᠷᠢᠯᠳᠦᠭᠰᠡᠨ | ᠬᠠᠤᠯᠢ ᠲᠦᠭᠡᠮᠡᠯᠵᠢᠭᠦᠯᠬᠦ ᠰᠠᠶᠢᠨ ᠳᠤᠷᠠᠴᠤᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠬᠠᠤᠯᠢ ᠲᠦᠭᠡᠮᠡᠯᠵᠢᠭᠦᠯᠬᠦ | ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯ ᠢ ᠥᠷᠨᠢᠭᠦᠯᠵᠦ᠂ | ᠦᠨᠳᠦᠰᠦᠨ ᠱᠠᠲᠤᠨ ᠤ ᠬᠠᠤᠯᠢᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ |