ᠬᠤᠷᠴᠢᠨ ᠲᠣᠭᠤᠷᠢᠭ᠄ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/12/23
    ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠪᠡᠯᠡᠳᠭᠡᠮᠵᠢᠳᠤ ᠢᠳᠡᠰᠢᠨ ᠨᠣᠭᠤᠭ᠎ᠠ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠪᠠᠷ ᠭᠤᠣᠯ ᠪᠣᠯᠭᠠᠭᠰᠠᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠪᠡ᠃ ᠣᠷᠣᠨ ᠪᠦᠰᠡ ᠶᠢᠨ ᠲᠥᠯᠥᠪᠵᠢᠭᠦᠯᠭᠡ ᠶᠢᠨ ᠲᠠᠯ᠎ᠠ ᠪᠠᠷ᠂ ᠴᠢᠩ ᠾᠧ ᠪᠠᠯᠭᠠᠰᠤ᠂ ᠬᠤᠩ ᠰᠢᠩ ᠵᠡᠭᠡᠯᠢ ᠭᠤᠳᠤᠮᠵᠢ᠂ ᠴᠢᠶᠠᠨ ᠵᠢᠶᠠ ᠳ᠋ᠢᠶᠠᠨ ᠪᠠᠯᠭᠠᠰᠤ ᠪᠠᠷ ᠭᠤᠣᠯ ᠪᠣᠯᠭᠠᠵᠤ᠂ ᠢᠳᠡᠰᠢᠨ ᠨᠣᠭᠤᠭ᠎ᠠ᠂ ᠵᠢᠮᠢᠰ ᠲᠡᠭᠦᠬᠦ ᠵᠡᠷᠭᠡ ᠳᠡᠭᠡᠳᠦ ᠲᠡᠰ ᠤᠨ ᠨᠣᠭᠤᠭ᠎ᠠ ᠵᠢᠮᠢᠰ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠪᠡ︔ ᠹᠧᠩ ᠲᠢᠶᠠᠨ ᠪᠠᠯᠭᠠᠰᠤ᠂ ᠴᠢᠩ ᠾᠧ ᠪᠠᠯᠭᠠᠰᠤ᠂ ᠢᠦᠢ ᠰᠢᠨ ᠪᠠᠯᠭᠠᠰᠤ᠂ ᠮᠡᠯᠡᠬᠡᠶᠢᠲᠦ ᠪᠠᠯᠭᠠᠰᠤ᠂ ᠵᠢᠶᠠᠨ ᠭᠦᠸᠧ ᠵᠡᠭᠡᠯᠢ ᠭᠤᠳᠤᠮᠵᠢ ᠪᠠᠷ ᠤᠷᠲᠤᠳᠬᠠᠵᠤ᠂ ᠢᠳᠡᠰᠢᠨ ᠨᠣᠭᠤᠭ᠎ᠠ᠂ ᠢᠳᠡᠰᠢᠨ ᠮᠥᠭᠦ ᠵᠡᠷᠭᠡ ᠤᠨᠴᠠᠯᠢᠬᠳᠤ ᠮᠥᠭᠦ ᠨᠣᠭᠤᠭ᠎ᠠ ᠶᠢᠨ ᠠᠵᠤ ᠦᠢᠯᠡᠰ ᠢ ᠥᠷᠭᠡᠳᠬᠡᠨ ᠬᠥᠭᠵᠢᠭᠦᠯᠪᠡ︔ ᠳᠠᠯᠠᠩ ᠪᠠᠯᠭᠠᠰᠤ᠂  ᠤᠷᠪᠤᠭ ᠪᠠᠯᠭᠠᠰᠤ᠂ ᠢᠦᠢ ᠯᠢᠶᠠᠩ ᠫᠦ᠋ ᠪᠠᠯᠭᠠᠰᠤ᠂  ᠮᠤᠷᠤᠢ ᠶᠢᠨ ᠰᠦᠮ᠎ᠡ ᠰᠤᠮᠤ᠂ ᠵᠧ ᠨᠠᠨ ᠲᠠᠷᠢᠶᠠᠯᠠᠩ ᠤᠨ ᠲᠠᠯᠠᠪᠠᠢ ᠵᠡᠷᠭᠡ ᠪᠠᠷ ᠰᠠᠴᠤᠷᠠᠭ ᠪᠣᠯᠭᠠᠵᠤ᠂ ᠡᠩ ᠤᠨ ᠢᠳᠡᠰᠢᠨ ᠨᠣᠭᠤᠭ᠎ᠠ ᠵᠢᠴᠢ ᠴᠢᠬᠢ ᠪᠤᠶᠢᠵᠢᠭᠤᠯᠬᠤ ᠠᠵᠤ ᠦᠢᠯᠡᠰ ᠢ ᠲᠠᠶᠢᠴᠢᠯᠠᠨ ᠬᠥᠭᠵᠢᠭᠦᠯᠦᠨ᠎ᠡ᠃ ᠣᠳᠣᠬᠠᠨ ᠪᠣᠯᠲᠠᠯ᠎ᠠ᠂ ᠬᠤᠷᠴᠢᠨ ᠲᠣᠭᠤᠷᠢᠭ ᠤᠨ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢᠨ ᠲᠠᠯᠠᠪᠠᠢ 6.7 ᠲᠦᠮᠡᠨ ᠮᠦ ᠳᠤ ᠬᠦᠷᠴᠡᠢ᠃
 
ᠢᠷᠡᠯᠲᠡ᠄ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号