ᠡᠨᠡ ᠵᠢᠯ᠂ ᠬᠤᠷᠴᠢᠨ ᠲᠣᠭᠤᠷᠢᠭ ᠤᠨ ᠬᠢᠨ ᠡᠯᠧᠺᠳ᠋ᠷᠣᠨ ᠬᠥᠳᠡᠯᠮᠦᠷᠢ ᠶᠢᠨ ᠭᠡᠷ᠎ᠡ ᠲᠣᠭᠲᠠᠬᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠵᠢᠴᠢ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠦᠷᠢᠶᠡᠨ ᠳᠠᠬᠢ | ᠲᠤᠰᠬᠠᠢ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠠᠵᠢᠯᠴᠢᠨ | ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ 1 - 10 ᠰᠠᠷ᠎ᠠ ᠳᠤ᠂ ᠬᠤᠷᠴᠢᠨ ᠲᠣᠭᠤᠷᠢᠭ ᠤᠨ 1237 | ᠠᠵᠤ ᠠᠬᠤᠶᠢᠯᠠᠯ ᠡᠯᠧᠺᠳ᠋ᠷᠣᠨ ᠬᠥᠳᠡᠯᠮᠦᠷᠢ ᠶᠢᠨ ᠭᠡᠷ᠎ᠡ ᠶᠢᠨ ᠬᠡᠰᠡᠭ ᠢ ᠬᠡᠷᠡᠭᠯᠡᠵᠦ᠂ ᠨᠡᠶᠢᠲᠡ 36045 ᠬᠤᠪᠢ | ᠭᠡᠷ᠎ᠡ ᠲᠣᠭᠲᠠᠵᠠᠢ︔ ᠬᠥᠳᠡᠯᠮᠦᠷᠢ ᠬᠦᠴᠦᠨ ᠬᠡᠷᠡᠭᠯᠡᠬᠦ ᠵᠠᠭᠠᠯᠳᠤᠯᠭ᠎ᠠ ᠶᠢ 494 ᠤᠳᠠᠭ᠎ᠠ ᠵᠣᠬᠢᠴᠠᠭᠤᠯᠤᠨ | ᠰᠢᠢᠳᠪᠦᠷᠢᠯᠡᠵᠦ᠂ ᠬᠥᠳᠡᠯᠮᠦᠷᠢᠴᠢᠳ ᠤᠨ ᠴᠠᠯᠢᠩ ᠢ 752 ᠲᠦᠮᠡ ᠭᠠᠷᠤᠢ ᠲᠥᠭᠦᠷᠢᠭ ᠨᠡᠬᠡᠮᠵᠢᠯᠡᠨ ᠠᠪᠴᠢᠷᠠᠪᠠ︔ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠮᠠᠷᠭᠤᠯᠳᠤᠭᠠᠨ ᠢ ᠲᠦᠷᠭᠡᠨ ᠲᠠᠰᠤᠯᠬᠤ ᠲᠢᠩᠬᠢᠮ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ᠂ ᠠᠵᠢᠯ ᠠᠴᠠ ᠪᠣᠯᠤᠭᠰᠠᠨ ᠭᠡᠮᠲᠦᠯ ᠤᠨ ᠬᠠᠷᠠᠭᠠᠯᠵᠠᠯ ᠢ | ᠬᠤᠣᠰ ᠲᠦᠷᠭᠡᠨ ᠲᠠᠰᠤᠯᠵᠤ ᠬᠡᠷᠡᠭ ᠰᠢᠢᠳᠪᠦᠷᠢᠯᠡᠬᠦ ᠵᠠᠭᠪᠤᠷ ᠢ ᠬᠡᠷᠡᠭᠯᠡᠨ 27 ᠬᠡᠷᠡᠭ ᠢ ᠰᠢᠢᠳᠪᠦᠷᠢᠯᠡᠵᠦ᠂ 73 | ᠲᠦᠮᠡ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ |