ᠡᠨᠡ ᠵᠢᠯ᠂ ᠬᠤᠷᠴᠢᠨ ᠲᠣᠭᠤᠷᠢᠭ ᠤᠨ ᠬᠢᠨ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠰᠠᠷᠠᠮᠵᠢ᠂ ᠨᠡᠶᠢᠭᠡᠮᠴᠢᠯᠡᠭᠰᠡᠨ | ᠨᠠᠰᠤᠵᠢᠯ ᠤᠨ ᠠᠰᠠᠷᠠᠮᠵᠢ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠵᠡᠷᠭᠡ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠬᠤᠷᠴᠢᠨ ᠲᠣᠭᠤᠷᠢᠭ ᠤᠨ ᠬᠢᠨ | 3 ᠪᠠᠯᠭᠠᠰᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠡᠬᠢᠯᠡᠨ ᠪᠠᠶᠢᠭᠤᠯᠵᠤ᠂ | ᠨᠠᠰᠤᠵᠢᠯ ᠤᠨ ᠠᠰᠠᠷᠠᠮᠵᠢ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ 60 ᠭᠠᠴᠠᠭ᠎ᠠ | ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠨ ᠪᠠᠶᠢᠭᠤᠯᠪᠠ | ᠃ ᠡᠭᠦᠨ ᠤ ᠬᠠᠮᠲᠤ᠂ ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠴᠧᠩ ᠨᠠᠨ ᠸᠠᠨ ᠬᠤᠸᠠ ᠭᠠᠵᠠᠷ ᠬᠥᠷᠥᠩᠭᠡ ᠶᠢᠨ ᠬᠢᠨ ᠨᠠᠰᠤᠵᠢᠯ ᠤᠨ ᠠᠰᠠᠷᠠᠮᠵᠢ ᠶᠢᠨ | ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ 300 ᠣᠷᠣ ᠶᠢ | ᠲᠥᠯᠥᠪᠵᠢᠭᠦᠯᠪᠡ᠃ |