ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠪᠠᠷ ᠠᠵᠢᠯ | ᠣᠯᠵᠤ ᠠᠳᠠᠯ ᠦᠢᠯᠡᠰ ᠴᠣᠭᠴᠠᠯᠠᠬᠤ ᠶᠢ ᠰᠠᠨᠠᠭᠠᠴᠢᠯᠠᠵᠤ᠂ ᠢᠲᠡᠭᠡᠮᠵᠢ ᠲᠠᠢ ᠬᠥᠮᠥᠰ ᠲᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠵᠢᠯᠣᠭᠤᠳᠤᠨ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢᠨ ᠪᠠᠶᠢᠳᠠᠯ | ᠲᠣᠭᠲᠠᠭᠤᠨ ᠤ ᠳᠤᠮᠳᠠ ᠰᠠᠶᠢᠵᠢᠷᠠᠬᠤ ᠶᠢ ᠪᠠᠲᠤᠯᠠᠪᠠ᠃ 1 - 10 ᠰᠠᠷ᠎ᠠ ᠳᠤ᠂ ᠬᠤᠷᠴᠢᠨ ᠲᠣᠭᠤᠷᠢᠭ ᠤᠨ ᠬᠤᠲᠠ | ᠪᠠᠯᠭᠠᠰᠤᠨ ᠳᠤ 6871 ᠬᠥᠮᠦᠨ ᠳᠤ ᠰᠢᠨ᠎ᠡ ᠪᠠᠷ ᠠᠵᠢᠯ ᠣᠯᠭᠤᠪᠠ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ 2.93% ᠪᠠᠶᠢᠵᠤ᠂ 5% ᠠᠴᠠ ᠳᠣᠷᠣᠭᠰᠢ ᠪᠠᠶᠢᠬᠤ ᠶᠢ ᠪᠠᠲᠤᠯᠠᠪᠠ︔ | 81608 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠂ ᠡᠭᠦᠨ ᠳᠤ 6 ᠰᠠᠷ᠎ᠠ ᠠᠴᠠ ᠳᠡᠭᠡᠭᠰᠢ | 66572 ᠬᠥᠮᠦᠨ ᠢ ᠲᠣᠭᠲᠠᠭᠤᠨ ᠢᠶᠠᠷ ᠰᠢᠯᠵᠢᠭᠦᠯᠪᠡ︔ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ | 1332 ᠬᠥᠮᠦᠨ ᠳᠤ ᠠᠵᠢᠯ ᠣᠯᠭᠤᠪᠠ︔ ᠠᠵᠢᠯ ᠤᠯᠬᠤ ᠳᠤ ᠬᠦᠴᠢᠷᠲᠡᠶ 1670 ᠬᠥᠮᠦᠨ ᠳᠤ ᠠᠵᠢᠯ | ᠣᠯᠭᠤᠵᠤ᠂ ᠴᠥᠮ ᠤᠷᠢᠳᠴᠢᠯᠠᠨ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ |