ᠬᠤᠷᠴᠢᠨ ᠲᠣᠭᠤᠷᠢᠭ᠄ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠬᠦᠴᠦᠯᠡᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2024/12/25

2024.12.25 2插图.png

     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ

ᠪᠠᠶᠠᠯᠢᠭ ᠢ ᠠᠭᠤᠳᠠᠯᠬᠤ ᠪᠠ ᠬᠠᠮᠠᠭᠠᠯᠠᠬᠤ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠤᠯᠠᠮᠵᠢᠯᠠᠨ

ᠰᠤᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ

ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠪᠠ᠃ ᠣᠲᠣ ᠪᠣᠯᠲᠠᠯ᠎ᠠ᠂

ᠬᠤᠷᠴᠢᠨ ᠲᠣᠭᠤᠷᠢᠭ ᠲᠤ ᠬᠤᠰᠢᠭᠤ ᠰᠢᠶᠠᠨ ︵ᠲᠣᠭᠤᠷᠢᠭ︶ ᠤ ᠲᠠᠰ ᠵᠢᠴᠢ ᠲᠡᠭᠦᠨ ᠠᠴᠠ ᠳᠡᠭᠡᠭᠰᠢᠬᠢ ᠪᠣᠳᠠᠰ ᠤᠨ

ᠪᠤᠰᠤ ᠰᠣᠶᠣᠯ ᠤᠨ ᠥᠪ ᠤᠨ ᠲᠥᠷᠥᠯ ᠵᠦᠢᠯ 50᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ

59 ᠪᠣᠶ᠃ ᠡᠭᠦᠨ ᠤ ᠬᠠᠮᠲᠤ᠂ ᠬᠤᠷᠴᠢᠨ ᠲᠣᠭᠤᠷᠢᠭ ᠤᠨ ᠬᠢᠨ ᠵᠡᠭᠦᠨ ᠬᠤᠶᠢᠲᠤ ᠣᠷᠣᠨ ᠤ ᠬᠤᠶᠠᠷ ᠬᠥᠮᠦᠨ ᠤ

ᠲᠠᠭᠠᠷᠢᠯᠴᠠᠭ᠎ᠠ᠂ ᠬᠤᠷᠴᠢᠨ ᠪᠠᠭᠠᠴᠤᠳ ᠤᠨ ᠪᠠᠷ ᠤᠨ ᠵᠢᠷᠤᠭ᠂ ᠠᠷᠠᠳ ᠤᠨ ᠳᠤᠮᠳᠠᠬᠢ ᠱᠤᠭᠤᠮᠠᠯ ᠵᠡᠷᠭᠡ

ᠲᠦᠩᠯᠢᠶᠣᠤ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ 5

ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ᠂

ᠦᠵᠡᠮᠵᠢ ᠶᠢᠨ ᠣᠷᠣᠨ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠥᠳᠡᠭᠡ

ᠲᠣᠰᠬᠤᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ ︽

ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ

ᠰᠣᠶᠣᠯ ᠢ ᠤᠬᠠᠭᠤᠯᠤᠨ ᠳᠡᠯᠭᠡᠷᠡᠭᠦᠯᠬᠦ ᠶᠢ ᠪᠥᠬᠦ ᠲᠠᠯ᠎ᠠ ᠪᠠᠷ ᠴᠢᠩᠭᠠᠳᠬᠠᠪᠠ᠃

 
ᠢᠷᠡᠯᠲᠡ᠄ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号