ᠬᠤᠷᠴᠢᠨ ᠲᠣᠭᠤᠷᠢᠭ᠄ ︽ᠠᠵᠢᠯ ᠦᠢᠯᠡᠰ ᠤᠨ ᠣᠷᠣᠨ ᠲᠤᠭ᠎ᠠ ᠶᠢ ᠠᠵᠤ ᠠᠬᠤᠶᠢᠯᠠᠯ ᠬᠡᠷᠡᠭᠯᠡᠬᠦ︾ ᠪᠠᠷ ᠠᠵᠤ ᠠᠬᠤᠶᠢᠯᠠᠯ ᠢ ᠬᠠᠪᠰᠤᠷᠤᠨ ᠴᠢᠳᠠᠪᠤᠷᠢᠲᠠᠨ ᠤᠷᠢᠵᠤ ᠭᠠᠷ ᠬᠤᠯᠪᠣᠨ ᠴᠢᠳᠠᠪᠤᠷᠢᠲᠠᠨ ᠦᠯᠡᠳᠡᠭᠡᠨ᠎ᠡ
ᠨᠡᠶᠢᠲᠡᠯᠡᠭᠰᠡᠨ ᠴᠠᠭ᠄
2024/12/26
2024.12.26 2插图.jpg
    ᠡᠨᠡ ᠵᠢᠯ᠂ ᠬᠤᠷᠴᠢᠨ ᠲᠣᠭᠤᠷᠢᠭ ᠤᠨ ᠬᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠰᠢᠨᠡᠳᠬᠡᠬᠦ ᠪᠠᠨ ᠴᠢᠩᠭᠠᠳᠬᠠᠵᠤ᠂ ︽ᠵᠠᠰᠠᠭ ᠤᠨ ᠣᠷᠳᠣᠨ + ᠠᠵᠤ ᠠᠬᠤᠶᠢᠯᠠᠯ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠪᠠᠶᠢᠭᠤᠯᠵᠤ᠂ ︽2024 ᠣᠨ ᠤ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠣᠷᠣᠨ ᠪᠦᠰᠡ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠠᠴᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠴᠤᠭᠯᠠᠭᠤᠯᠵᠤ᠂ ᠬᠠᠷᠠᠭᠠᠯᠵᠠᠯ ᠠᠰᠠᠷᠠᠮᠵᠢ᠂ ᠣᠷᠣᠨ ᠲᠤᠭ᠎ᠠ ᠶᠢ ᠨᠠᠶᠢᠳᠠᠪᠤᠷᠢᠵᠢᠭᠤᠯᠬᠤ᠂ ᠰᠢᠯᠭᠠᠨ ᠬᠢᠨᠠᠵᠤ ᠲᠣᠮᠢᠯᠠᠨ ᠬᠡᠷᠡᠭᠯᠡᠬᠦ ᠵᠡᠷᠭᠡ ᠲᠠᠯ᠎ᠠ ᠪᠠᠷ ︽ᠬᠠᠮ ᠠᠷᠭ᠎ᠠ ᠬᠡᠮᠵᠢᠶ᠎ᠡ︾ ᠭᠠᠷᠭᠠᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠰᠢᠯᠢᠳᠡᠭ ᠢ ᠨᠢ ᠰᠣᠩᠭᠤᠨ ᠣᠷᠣᠭᠤᠯᠵᠤ ᠠᠪᠴᠢᠷᠠᠪᠠ᠃ ᠯᠦᠩ ᠮᠠ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠪᠣᠯᠤᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠶᠠᠷ ᠠᠵᠤ ᠠᠬᠤᠶᠢᠯᠠᠯ 9 ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠤᠷᠢᠵᠤ ᠬᠡᠷᠡᠭᠯᠡᠵᠡᠶ᠃
 
ᠢᠷᠡᠯᠲᠡ᠄ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号