ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠭᠤᠣᠯ ᠬᠤᠳᠠ ᠶᠢᠨ ᠲᠣᠭᠤᠷᠢᠭ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠯᠡᠳᠭᠡᠮᠵᠢᠳᠤ ᠢᠳᠡᠰᠢᠨ ᠨᠣᠭᠤᠭ᠎ᠠ᠂ ᠵᠠᠳᠠᠭᠠᠶ ᠭᠠᠵᠠᠷ ᠤᠨ | ᠢᠳᠡᠰᠢᠨ ᠨᠣᠭᠤᠭ᠎ᠠ ᠪᠠᠷ ᠭᠤᠣᠯ ᠪᠣᠯᠭᠠᠭᠰᠠᠨ ︽ᠬᠤᠯᠢᠰᠢᠨ ᠢᠳᠡᠭᠡᠨ︾ ᠤ ᠢᠨᠵᠧᠨᠧᠷᠢᠩ ᠢ ᠶᠡᠬᠡᠪᠡᠷ ᠬᠥᠭᠵᠢᠭᠦᠯᠪᠡ | ᠃ ᠣᠷᠣᠨ ᠪᠦᠰᠡ ᠶᠢᠨ ᠲᠥᠯᠥᠪᠵᠢᠭᠦᠯᠭᠡ ᠶᠢᠨ ᠲᠠᠯ᠎ᠠ ᠪᠠᠷ᠂ ᠴᠢᠩ ᠾᠧ ᠪᠠᠯᠭᠠᠰᠤ᠂ ᠬᠤᠩ ᠰᠢᠩ ᠵᠡᠭᠡᠯᠢ | ᠭᠤᠳᠤᠮᠵᠢ᠂ ᠴᠢᠶᠠᠨ ᠵᠢᠶᠠ ᠳ᠋ᠢᠶᠠᠨ ᠪᠠᠯᠭᠠᠰᠤ ᠪᠠᠷ ᠭᠤᠣᠯ ᠬᠥᠭᠵᠢᠯᠲᠡ ᠶᠢᠨ ᠲᠣᠭᠤᠷᠢᠭ ᠪᠣᠯᠭᠠᠵᠤ᠂ ᠢᠳᠡᠰᠢᠨ | ᠨᠣᠭᠤᠭ᠎ᠠ᠂ ᠵᠢᠮᠢᠰ ᠲᠡᠭᠦᠬᠦ ᠵᠡᠷᠭᠡ ᠳᠡᠭᠡᠳᠦ ᠲᠡᠰ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ | ᠭᠤᠣᠯᠳᠠᠯᠭ᠎ᠠ ᠲᠠᠢ ᠬᠥᠭᠵᠢᠭᠦᠯᠪᠡ︔ ᠹᠧᠩ ᠲᠢᠶᠠᠨ ᠪᠠᠯᠭᠠᠰᠤ᠂ ᠴᠢᠩ ᠾᠧ ᠪᠠᠯᠭᠠᠰᠤ᠂ ᠢᠦᠢ ᠰᠢᠨ ᠪᠠᠯᠭᠠᠰᠤ᠂ | ᠮᠡᠯᠡᠬᠡᠶᠢᠲᠦ ᠪᠠᠯᠭᠠᠰᠤ᠂ ᠵᠢᠶᠠᠨ ᠭᠦᠸᠧ ᠵᠡᠭᠡᠯᠢ ᠭᠤᠳᠤᠮᠵᠢ ᠪᠠᠷ ᠥᠷᠭᠡᠳᠬᠡᠭᠰᠡᠨ ᠲᠣᠭᠤᠷᠢᠭ ᠪᠣᠯᠭᠠᠵᠤ᠂ ᠢᠳᠡᠰᠢᠨ | ᠨᠣᠭᠤᠭ᠎ᠠ᠂ ᠢᠳᠡᠰᠢᠨ ᠮᠥᠭᠦ ᠵᠡᠷᠭᠡ ᠣᠨᠴᠠᠯᠢᠭᠲᠤ ᠮᠦᠬᠦ ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠪᠡ︔ | ᠳᠠᠯᠠᠩ ᠪᠠᠯᠭᠠᠰᠤ᠂ ᠤᠷᠪᠤᠭ ᠪᠠᠯᠭᠠᠰᠤ᠂ ᠢᠦᠢ ᠯᠢᠶᠠᠩ ᠫᠦ᠋ ᠪᠠᠯᠭᠠᠰᠤ᠂ ᠮᠤᠷᠤᠢ ᠶᠢᠨ ᠰᠦᠮ᠎ᠡ ᠰᠤᠮᠤ᠂ ᠵᠧ ᠨᠠᠨ | ᠲᠠᠷᠢᠶᠠᠯᠠᠩ ᠤᠨ ᠲᠠᠯᠠᠪᠠᠢ ᠪᠠᠷ ᠨᠥᠯᠥᠭᠡᠯᠡᠨ ᠳᠠᠶᠢᠴᠢᠯᠠᠬᠤ ᠣᠷᠣᠨ ᠪᠣᠯᠭᠠᠵᠤ᠂ ᠡᠩ ᠤᠨ ᠢᠳᠡᠰᠢᠨ ᠨᠣᠭᠤᠭ᠎ᠠ ᠵᠢᠴᠢ | ᠴᠢᠬᠢ ᠪᠤᠶᠢᠵᠢᠭᠤᠯᠬᠤ ᠠᠵᠤ ᠦᠢᠯᠡᠰ ᠢ ᠬᠥᠭᠵᠢᠭᠦᠯᠵᠦ᠂ ᠳᠡᠭᠡᠳᠦ ᠲᠡᠰ ᠤᠨ᠂ ᠣᠨᠴᠠᠯᠢᠭ ᠲᠠᠢ᠂ ᠡᠩ ᠤᠨ | ᠨᠣᠭᠤᠭ᠎ᠠ ᠶᠢ ᠵᠡᠷᠭᠡᠪᠡᠷ ᠬᠥᠭᠵᠢᠭᠦᠯᠬᠦ ᠶᠢ ᠪᠡᠶᠡᠯᠡᠭᠦᠯᠪᠡ᠃ ᠣᠲᠣ ᠪᠣᠯᠲᠠᠯ᠎ᠠ᠂ ᠬᠤᠷᠴᠢᠨ ᠲᠣᠭᠤᠷᠢᠭ ᠤᠨ | ᠲᠥᠬᠦᠭᠡᠷᠦᠮᠵᠢᠲᠦ ᠲᠠᠷᠢᠶᠠᠯᠠᠩ ᠤᠨ ᠶᠡᠷᠦᠩᠬᠡᠶ ᠲᠠᠯᠠᠪᠠᠶ 1.6 ᠲᠦᠮᠡᠨ ᠮᠥ ᠳᠤ ᠬᠥᠷᠪᠡ᠃ | |