ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/31
      ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠵᠠᠰᠠᠭ ᠤᠨ ᠶᠠᠪᠤᠳᠠᠯ᠂ ᠬᠡᠷᠡᠭ ᠶᠠᠪᠤᠳᠠᠯ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃        ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠲᠢᠩᠬᠢᠮ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠭᠡᠷ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠡᠯ᠎ᠡ ᠰᠠᠯᠠᠭ᠎ᠠ ᠮᠥᠴᠢᠷ ᠤᠨ ᠢᠷᠡᠭᠦᠯᠦᠭᠰᠡᠨ ᠪᠢᠴᠢᠭ ᠪᠠ ᠢᠷᠡᠭᠦᠯᠦᠭᠰᠡᠨ ᠴᠠᠬᠢᠯᠭᠠᠨ ᠮᠡᠳᠡᠭᠡ ᠶᠢ ᠰᠢᠢᠳᠪᠦᠷᠢᠯᠡᠬᠦ ᠶᠢ ᠬᠠᠷᠢᠭᠤᠴᠠᠨ᠎ᠠ︔ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠤᠨ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠭᠡᠭᠰᠢ ᠮᠡᠳᠡᠭᠦᠯᠦᠭᠰᠡᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠶᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠠᠵᠢᠯ ᠢ ᠳᠠᠭᠠᠭᠠᠨ ᠭᠦᠢᠴᠡᠳᠬᠡᠨ᠎ᠡ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠢ ᠭᠦᠢᠴᠡᠳᠬᠡᠬᠦ ᠠᠵᠢᠯ ᠢ ᠵᠢᠯᠣᠭᠤᠳᠤᠨ᠎ᠠ᠃        ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠬᠠᠮᠵᠢᠨ ᠲᠣᠭᠤᠷᠢᠭ ᠤᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠪᠤᠶᠤ ᠵᠣᠬᠢᠶᠠᠨ ᠪᠠᠶᠢᠭᠤᠯᠤᠨ ᠲᠤᠭᠤᠷᠪᠢᠵᠤ᠂  ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠢᠯᠡᠳᠬᠡᠯ ᠪᠠ ᠴᠢᠬᠤᠯᠠ ᠶᠠᠷᠢᠶ᠎ᠠ ᠶᠢ ᠲᠤᠭᠤᠷᠪᠢᠨ᠎ᠠ᠃        ︵ᠳᠥᠷᠪᠡ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠪᠠᠶᠢᠳᠠᠯ ᠢ ᠴᠠᠭ ᠲᠤᠬᠠᠢ ᠳᠤᠨᠢ ᠲᠤᠰᠬᠠᠨ᠂ ᠰᠠᠨᠠᠭᠤᠯᠭ᠎ᠠ ᠳᠤᠷᠠᠳᠴᠤ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠨ᠎ᠡ᠃        ︵ᠲᠠᠪᠤ︶ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠲᠦᠷᠦᠯ ᠤᠨ ᠬᠤᠷᠠᠯᠳᠤᠭᠠᠨ ᠤ ᠪᠡᠯᠡᠳᠬᠡᠯ᠂ ᠵᠣᠬᠢᠶᠠᠨ ᠪᠠᠶᠢᠭᠤᠯᠤᠯᠲᠠ᠂ ᠬᠤᠷᠠᠯᠳᠤᠭᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ᠂ ᠲᠣᠭᠤᠷᠢᠭ ᠤᠨ ᠭᠠᠳᠠᠨᠠᠬᠢ ᠴᠢᠬᠤᠯᠠ ᠵᠣᠴᠢᠳ ᠢ ᠭᠥᠯᠢᠶᠡᠨ ᠠᠪᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠴᠠᠭᠤᠯᠤᠨ ᠵᠢᠯᠤᠭᠤᠳᠴᠤ ᠪᠠᠶᠢᠭᠠᠳ ᠭᠥᠯᠢᠶᠡᠨ ᠠᠪᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃        ︵ᠳᠣᠯᠤᠭ᠎ᠠ︶ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠲᠣᠭᠤᠷᠢᠭ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠲᠣᠭᠤᠷᠢᠭ ᠤᠨ ᠵᠠᠰᠠᠭ ᠤᠨ ᠣᠷᠳᠣᠨ ᠤ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠤᠷᠢ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠬᠦ ᠠᠵᠢᠯ ᠢ ᠬᠠᠷᠢᠭᠤᠴᠠᠨ᠎ᠠ᠃        ︵ᠨᠠᠢᠮᠠ︶ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠯᠤᠭᠤᠳᠴᠤ ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠢ ᠰᠢᠢᠳᠪᠦᠷᠢᠯᠡᠬᠦ ᠪᠥᠭᠡᠳ ᠬᠡᠰᠡᠭ ᠰᠠᠨᠠᠭᠤᠯᠭ᠎ᠠ᠂ ᠰᠠᠨᠠᠯ ᠵᠥᠪᠯᠡᠯᠭᠡ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃        ︵ᠶᠢᠰᠦ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠳᠤ ᠴᠢᠬᠤᠯᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃        ︵ᠠᠷᠪᠠ︶ ᠲᠣᠭᠤᠷᠢᠭ ᠤᠨ ᠵᠠᠰᠠᠭ ᠤᠨ ᠣᠷᠳᠣᠨ ᠤ ᠬᠠᠤᠯᠢᠴᠢ ᠶᠢᠨ ᠪᠦᠯᠬᠦᠮ ᠨᠡᠶᠢᠲᠡ᠂ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠰᠣᠩᠭᠤᠨ ᠤᠷᠢᠬᠤ ᠵᠢᠴᠢ ᠬᠠᠮᠢᠶᠠᠷᠬᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠭᠡᠷ᠎ᠡ ᠬᠡᠯᠡᠯᠴᠡᠭᠡᠷ ᠤᠨ ᠪᠢᠴᠢᠭ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠡᠷᠭᠡ ᠬᠠᠤᠯᠢ ᠶᠢᠨ ᠶᠠᠪᠤᠳᠠᠯ ᠤᠨ ᠠᠵᠢᠯ ᠢ ᠬᠠᠷᠢᠭᠤᠴᠠᠨ᠎ᠠ᠃        ︵ᠠᠷᠪᠠᠨ ᠨᠢᠭᠡ︶  ᠲᠣᠭᠤᠷᠢᠭ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ ᠲᠤᠬᠠᠢ  ᠳᠤᠨᠢ ᠮᠡᠳᠡᠭᠦᠯᠵᠦ᠂ ᠬᠠᠮᠢᠶ᠎ᠠ ᠪᠦᠬᠦᠢ ᠵᠦᠢᠯᠡᠰ ᠢ ᠬᠠᠮᠵᠢᠨ ᠰᠢᠢᠳᠪᠦᠷᠢᠯᠡᠨ᠎ᠡ᠃        ︵ᠠᠷᠪᠠᠨ ᠬᠤᠶᠠᠷ︶ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠭᠠᠨ ᠲᠣᠭᠲᠠᠭᠠᠭᠰᠠᠨ ᠪᠢᠴᠢᠭ ᠮᠠᠲ᠋ᠧᠷᠢᠶᠠᠯ᠂ ᠬᠤᠷᠠᠯ ᠤᠨ ᠭᠤᠣᠯ ᠮᠠᠲ᠋ᠧᠷᠢᠶᠠᠯ ᠤᠨ ᠮᠣᠩᠭᠤᠯ ᠬᠡᠯᠡᠨ ᠤ ᠪᠢᠷ ᠤᠨ ᠣᠷᠴᠢᠭᠤᠯᠭ᠎ᠠ᠂ ᠠᠮᠠᠨ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃        ︵ᠠᠷᠪᠠᠨ ᠭᠤᠷᠪᠠ︶ ᠪᠥᠬᠦ ᠲᠣᠭᠤᠷᠢᠭ ᠤᠨ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠠᠷᠪᠠᠨ ᠳᠥᠷᠪᠡ︶ ᠪᠥᠬᠦ ᠲᠣᠭᠤᠷᠢᠭ ᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠶᠠᠪᠤᠳᠠᠯ ᠳᠤ ᠬᠡᠷᠡᠭᠯᠡᠬᠦ ᠭᠡᠷ ᠪᠠᠶᠢᠰᠢᠩ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠠᠷᠪᠠᠨ ᠲᠠᠪᠤ︶ ᠲᠣᠭᠤᠷᠢᠭ ᠤᠨ ᠵᠠᠰᠠᠭ ᠤᠨ ᠣᠷᠳᠣᠨ ᠤ ᠠᠵᠤ ᠠᠬᠤᠢ ᠶᠢᠨ ᠪᠠᠶᠢᠭᠤᠯᠤᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ᠂ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠶᠢᠨ ᠭᠦᠢᠴᠡᠳᠬᠡᠬᠦ ᠲᠤᠭ᠎ᠠ ᠶᠢ ᠲᠣᠭᠲᠠᠭᠠᠬᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠪᠠ ᠰᠢᠯᠭᠠᠨ ᠬᠢᠨᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃        ︵ᠠᠷᠪᠠᠨ ᠵᠢᠷᠭᠤᠭ᠎ᠠ︶ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠭᠦᠷᠭᠡ ᠶᠢᠨ ᠬᠠᠷᠠᠯᠲᠠ ᠶᠢᠨ ᠭᠦᠢᠴᠡᠳᠬᠡᠯ ᠲᠤᠭ᠎ᠠ ᠲᠣᠭᠲᠠᠭᠠᠬᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠪᠠ ᠰᠢᠯᠭᠠᠨ ᠬᠢᠨᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃        ︵ᠠᠷᠪᠠᠨ ᠳᠣᠯᠤᠭ᠎ᠠ︶ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠰᠢᠢᠳᠪᠦᠷᠢᠯᠡᠭᠦᠯᠬᠦ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠤᠭᠰᠠᠨ ᠬᠡᠷᠡᠭ ᠢ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠰᠢᠢᠳᠪᠦᠷᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢᠨ ᠲᠤᠬᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠵᠢᠴᠢ ᠭᠤᠣᠯ ᠠᠵᠢᠯ ᠳᠤ ᠰᠢᠮᠳᠠᠭᠤᠯᠤᠨ ᠪᠠᠶᠢᠴᠠᠭᠠᠨ ᠰᠤᠳᠤᠯᠤᠯᠲᠠ ᠥᠷᠨᠢᠭᠦᠯᠦᠨ᠎ᠡ᠃ ᠰᠢᠮᠳᠠᠭᠤᠯᠤᠨ ᠪᠠᠶᠢᠴᠠᠭᠠᠭᠰᠠᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠪᠠ ᠳᠡᠭᠡᠭᠰᠢ ᠮᠡᠳᠡᠭᠦᠯᠬᠦ᠂ ᠰᠢᠮᠳᠠᠭᠤᠯᠤᠨ ᠪᠠᠶᠢᠴᠠᠭᠠᠵᠤ ᠲᠤᠰᠬᠠᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃        ︵ᠠᠷᠪᠠᠨ ᠨᠠᠢᠮᠠ︶ ᠲᠣᠭᠤᠷᠢᠭ ᠤᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ ᠵᠢᠴᠢ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠬᠢᠨᠠᠨ ᠰᠢᠯᠭᠠᠵᠤ᠂ ᠬᠢᠨᠠᠯᠲᠠ ᠲᠠᠯᠪᠢᠵᠤ᠂ ᠵᠢᠯᠣᠭᠤᠳᠤᠨ᠎ᠠ᠃        ︵ᠠᠷᠪᠠ ᠶᠢᠰᠦ︶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃        ᠬᠤᠶᠠᠷ᠂ ᠳᠣᠲᠣᠭᠠᠳᠤ ᠪᠠᠶᠢᠭᠤᠯᠤᠮᠵᠢ       ︵ᠨᠢᠭᠡ︶ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠳᠦᠷ ᠲᠣᠳᠤᠮ ᠤᠨ ᠠᠵᠢᠯ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠡᠷᠭᠡ ᠬᠠᠮᠢᠶ᠎ᠠ ᠪᠦᠬᠦᠢ ᠨᠠᠮ ᠤᠨ ᠠᠵᠢᠯ ᠤᠨ ᠬᠤᠷᠠᠯ ᠢ ᠳᠠᠭᠠᠭᠠᠨ ᠡᠷᠭᠢᠯᠡᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠤᠰᠤᠳ ᠨᠠᠮ ᠤᠨ ᠠᠵᠢᠯ ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠃        ︵ᠬᠤᠶᠠᠷ︶ ᠨᠠᠷᠢᠨ ᠪᠢᠴᠢᠭᠡᠴᠢ ᠶᠢᠨ ᠳᠠᠰᠤᠭ᠃ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠢ ᠭᠦᠢᠴᠡᠳᠬᠡᠬᠦ ᠠᠵᠢᠯ ᠢ ᠵᠢᠯᠣᠭᠤᠳᠤᠨ᠎ᠠ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠴᠠᠭᠠᠰᠤ ᠬᠡᠷᠡᠭᠯᠡᠬᠦ ᠦᠭᠡᠢ ᠠᠯᠪᠠᠯᠠᠬᠤ ᠲᠠᠪᠴᠠᠩ ᠪᠠᠶᠢᠭᠤᠯᠬᠤ᠂ ᠰᠡᠯᠪᠢᠨ ᠵᠠᠰᠠᠬᠤ᠂ ᠬᠠᠮᠢᠶᠠᠷᠬᠤ ᠠᠵᠢᠯ ᠢ ᠬᠠᠷᠢᠭᠤᠴᠠᠵᠤ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠴᠠᠭᠠᠰᠤ ᠬᠡᠷᠡᠭᠯᠡᠬᠦ ᠦᠭᠡᠢ ᠠᠯᠪᠠᠯᠠᠬᠤ ᠲᠠᠪᠴᠠᠩ ᠪᠠᠶᠢᠭᠤᠯᠬᠤ ᠠᠵᠢᠯ ᠢ ᠵᠢᠯᠣᠭᠤᠳᠤᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢ ᠬᠠᠪᠰᠤᠷᠤᠨ ᠳᠡᠭᠡᠭᠰᠢ ᠳᠣᠷᠣᠭᠰᠢ ᠳᠠᠮᠵᠢᠭᠤᠯᠬᠤ᠂ ᠠᠯᠪᠠᠨ ᠪᠢᠴᠢᠭ ᠰᠢᠢᠳᠪᠦᠷᠢᠯᠡᠬᠦ᠂ ᠶᠡᠷᠦᠩᠬᠡᠶᠢᠯᠡᠨ ᠵᠣᠬᠢᠴᠠᠭᠤᠯᠬᠤ ᠵᠡᠷᠭᠡ ᠡᠳᠦᠷ ᠲᠤᠲᠤᠮ ᠤᠨ ᠠᠵᠢᠯ ᠢ ᠰᠢᠢᠳᠪᠦᠷᠢᠯᠡᠨ᠎ᠡ︔ ᠲᠣᠭᠤᠷᠢᠭ ᠤᠨ ᠵᠠᠰᠠᠭ ᠤᠨ ᠣᠷᠳᠣᠨ ᠪᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠮᠠᠭ᠎ᠠ᠂ ᠲᠠᠨᠢᠯᠴᠠᠭᠤᠯᠭ᠎ᠠ ᠶᠢᠨ ᠪᠢᠴᠢᠭ ᠵᠡᠷᠭᠡ ᠶᠢ ᠬᠠᠮᠢᠶᠠᠷᠴᠤ ᠬᠡᠷᠡᠭᠯᠡᠬᠦ ᠶᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠨ ᠤ ᠶᠠᠪᠤᠳᠠᠯ᠂ ᠤᠯᠤᠰ ᠲᠥᠷᠥ ᠶᠢᠨ ᠠᠵᠢᠯ᠂ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ︔ ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠮᠠᠰᠢᠨᠳᠠᠨ ᠳᠠᠷᠤᠮᠠᠯᠯᠠᠬᠤ᠂ ᠪᠢᠴᠢᠭ ᠮᠠᠲ᠋ᠧᠷᠢᠶᠠᠯ ᠢ ᠢᠯᠡᠭᠡᠬᠦ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠡᠭᠦᠷᠭᠡᠯᠡᠨ᠎ᠡ᠃᡽ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ᠂ ᠡᠮᠡᠭᠲᠡᠶᠢᠴᠦᠳ᠂ ᠵᠠᠯᠠᠭᠤᠴᠤᠳ ᠪᠣᠯᠣᠨ ᠠᠵᠢᠯ ᠠᠴᠠ ᠠᠮᠠᠷᠠᠭᠰᠠᠨ ᠺᠠᠳ᠋ᠷᠴᠤᠳ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠳᠣᠲᠣᠭᠠᠳᠤ ᠳᠠᠭᠠᠨ ᠨᠢᠭᠤᠴᠠ ᠮᠠᠲ᠋ᠧᠷᠢᠶᠠᠯ ᠤᠨ ᠲᠠᠰᠤᠭ ᠲᠠᠢ᠂ ᠲᠠᠰᠤᠭ ᠤᠨ ᠲᠠᠰ ᠪᠠᠶᠢᠵᠤ᠂ ᠲᠣᠭᠤᠷᠢᠭ ᠤᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠤᠷᠢᠶᠠᠨ ᠲᠠᠷᠬᠠᠭᠠᠬᠤ᠂ ᠪᠢᠴᠢᠭ ᠬᠠᠷ᠎ᠠ ᠶᠢ ᠲᠠᠩᠰᠠ ᠡᠪᠬᠡᠮᠡᠯ ᠳᠤ ᠣᠷᠣᠭᠤᠯᠬᠤ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃        ︵ᠭᠤᠷᠪᠠ︶ ᠶᠡᠷᠦᠩᠬᠡᠶᠢᠯᠡᠭᠰᠡᠨ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠬᠤᠷᠢᠶᠠᠩᠭᠤᠶᠢᠯᠠᠨ ᠮᠡᠳᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠡᠯ᠎ᠡ ᠲᠥᠷᠥᠯ ᠤᠨ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠬᠤᠷᠠᠯ ᠤᠨ ᠲᠡᠮᠳᠡᠭᠯᠡᠯ ᠪᠠ ᠲᠣᠪᠴᠢ ᠲᠡᠮᠳᠡᠭᠯᠡᠯ ᠤᠨ ᠠᠵᠢᠯ ᠢ ᠬᠠᠷᠢᠭᠤᠴᠠᠨ᠎ᠠ᠃        ︵ᠳᠥᠷᠪᠡ︶ ᠪᠠᠶᠢᠴᠠᠭᠠᠨ ᠰᠤᠳᠤᠯᠬᠤ ᠲᠠᠰᠤᠭ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠨ ᠤ ᠪᠠᠶᠢᠴᠠᠭᠠᠨ ᠰᠤᠳᠤᠯᠤᠯᠲᠠ ᠶᠢᠨ ᠠᠵᠢᠯ ᠤᠨ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠲᠠᠪᠤ︶ ᠬᠤᠷᠠᠯ ᠤᠨ ᠶᠠᠪᠤᠳᠠᠯ ᠤᠨ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠵᠢᠴᠢ ᠲᠣᠭᠤᠷᠢᠭ ᠤᠨ ᠵᠠᠰᠠᠭ ᠤᠨ ᠣᠷᠳᠣᠨ ᠪᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠣᠮᠣ ᠬᠡᠯᠪᠡᠷᠢ ᠶᠢᠨ ᠠᠵᠢᠯ ᠤᠨ ᠬᠤᠷᠠᠯ ᠢ ᠳᠠᠭᠠᠭᠠᠨ ᠬᠢᠬᠦ ᠶᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢ ᠬᠠᠮᠵᠢᠨ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠠᠯᠪᠠᠨ ᠶᠠᠪᠤᠳᠠᠯ ᠤᠨ ᠵᠣᠴᠢᠯᠠᠬᠤ ᠠᠵᠢᠯ ᠢ ᠰᠠᠶᠢᠲᠤᠷ ᠬᠢᠨ᠎ᠡ᠂ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯ ᠬᠤᠷᠠᠯᠳᠤᠭᠤᠯᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠵᠠᠰᠠᠭ ᠤᠨ ᠶᠠᠪᠤᠳᠠᠯ ᠤᠨ ᠨᠢᠭᠡᠳᠦᠭᠡᠷ ᠳᠠᠰᠤᠭ ᠃ ᠲᠣᠭᠤᠷᠢᠭ ᠤᠨ ᠳᠡᠳ᠋ ᠳᠠᠷᠤᠭ᠎ᠠ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠢ ᠵᠣᠬᠢᠴᠠᠭᠤᠯᠬᠤ᠂ ᠡᠬᠡ ᠪᠢᠴᠢᠭ ᠲᠤᠭᠤᠷᠪᠢᠬᠤ᠂ ᠤᠳᠤᠷᠢᠳᠤᠯᠭ᠎ᠠ ᠶᠢᠨ ᠴᠣᠬᠤᠯᠠᠪᠤᠷᠢ ᠶᠢᠨ ᠮᠠᠲ᠋ᠧᠷᠢᠶᠠᠯ ᠢ ᠮᠥᠷᠳᠡᠵᠦ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠡᠭᠦᠷᠭᠡᠯᠡᠨ᠎ᠡ᠃        ︵ᠲᠤᠯᠤᠭ᠎ᠠ︶ ᠵᠠᠰᠠᠭ ᠤᠨ ᠶᠠᠪᠤᠳᠠᠯ ᠤᠨ ᠬᠤᠶᠠᠳᠤᠭᠠᠷ ᠳᠠᠰᠤᠭ᠃ ᠲᠣᠭᠤᠷᠢᠭ ᠤᠨ ᠳᠡᠳ᠋ ᠳᠠᠷᠤᠭ᠎ᠠ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠢ ᠵᠣᠬᠢᠴᠠᠭᠤᠯᠬᠤ᠂ ᠡᠬᠡ ᠪᠢᠴᠢᠭ ᠲᠤᠭᠤᠷᠪᠢᠬᠤ᠂ ᠤᠳᠤᠷᠢᠳᠤᠯᠭ᠎ᠠ ᠶᠢᠨ ᠴᠣᠬᠤᠯᠠᠪᠤᠷᠢ ᠶᠢᠨ ᠮᠠᠲ᠋ᠧᠷᠢᠶᠠᠯ ᠢ ᠮᠥᠷᠳᠡᠵᠦ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠡᠭᠦᠷᠭᠡᠯᠡᠨ᠎ᠡ᠃        ︵ᠨᠠᠢᠮᠠ︶ ᠮᠡᠳᠡᠭᠡ ᠵᠠᠩᠭᠢ ᠶᠢᠨ ᠳᠠᠰᠤᠭ᠃ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠪᠠ ᠮᠡᠳᠡᠭᠡ ᠵᠠᠩᠭᠢ ᠴᠤᠭᠯᠠᠭᠤᠯᠬᠤ᠂ ᠰᠢᠯᠢᠨ ᠰᠣᠩᠭᠤᠬᠤ᠂ ᠪᠣᠯᠪᠠᠰᠤᠷᠠᠭᠤᠯᠬᠤ᠂ ᠨᠠᠶᠢᠷᠠᠭᠤᠯᠤᠨ ᠲᠠᠷᠬᠠᠭᠠᠬᠤ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠰᠣᠯᠢᠯᠴᠠᠭᠠᠨ ᠤ ᠠᠵᠢᠯ ᠢ ᠬᠠᠷᠢᠭᠤᠴᠠᠨ᠎ᠠ᠃      ︵ᠶᠢᠰᠦ︶ ᠬᠠᠤᠯᠢ ᠲᠣᠭᠲᠠᠭᠠᠯ ᠤᠨ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠳᠤ ᠬᠤᠯᠪᠣᠭᠳᠠᠬᠤ ᠬᠡᠷᠡᠭ ᠶᠠᠪᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠠᠭᠰᠠᠨ ᠡᠯ᠎ᠡ ᠲᠥᠷᠥᠯ ᠤᠨ ᠭᠡᠷ᠎ᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠤᠭᠰᠠᠨ ᠵᠢᠭᠠᠪᠤᠷᠢ ᠠᠪᠬᠤ ᠮᠡᠳᠡᠭᠦᠯᠦᠯᠲᠡ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠬᠠᠤᠯᠢᠴᠢ ᠶᠢᠨ ᠪᠦᠯᠬᠦᠮ᠂ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠰᠣᠩᠭᠤᠨ ᠤᠷᠢᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠠᠷᠪᠠ︶  ᠰᠢᠪᠠᠳᠠᠨ ᠪᠠᠶᠢᠴᠠᠭᠠᠬᠤ ᠨᠢᠭᠡᠳᠦᠭᠡᠷ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠤᠭᠰᠠᠨ ᠬᠡᠷᠡᠭ ᠢ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠲᠤᠬᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠵᠢᠴᠢ ᠭᠤᠣᠯ ᠠᠵᠢᠯ ᠳᠤ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠨ᠎ᠡ᠃        ︵ᠠᠷᠪᠠᠨ ᠨᠢᠭᠡ︶ ᠰᠢᠪᠠᠳᠠᠨ ᠪᠠᠶᠢᠴᠠᠭᠠᠬᠤ ᠬᠤᠶᠠᠳᠤᠭᠠᠷ ᠳᠠᠰᠤᠭ᠃ ᠰᠢᠪᠠᠳᠠᠨ ᠪᠠᠶᠢᠴᠠᠭᠠᠭᠰᠠᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠪᠠ ᠳᠡᠭᠡᠭᠰᠢ ᠮᠡᠳᠡᠭᠦᠯᠬᠦ᠂ ᠰᠢᠪᠠᠳᠠᠨ ᠪᠠᠶᠢᠴᠠᠭᠠᠵᠤ ᠲᠤᠰᠬᠠᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃        ︵ᠠᠷᠪᠠᠨ ᠬᠤᠶᠠᠷ︶ ᠣᠷᠴᠢᠭᠤᠯᠭ᠎ᠠ ᠶᠢᠨ ᠳᠠᠰᠤᠭ᠃ ᠲᠣᠭᠤᠷᠢᠭ ᠤᠨ ᠵᠠᠰᠠᠭ ᠤᠨ ᠣᠷᠳᠣᠨ᠂ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ᠂ ᠳᠡᠭᠡᠳᠦ ᠱᠠᠲᠤᠨ ᠤ ᠪᠠᠭᠤᠯᠭᠠᠭᠰᠠᠨ ᠪᠢᠴᠢᠭ ᠮᠠᠲ᠋ᠧᠷᠢᠶᠠᠯ ᠵᠢᠴᠢ ᠦᠨᠳᠦᠰᠦᠨ ᠱᠠᠲᠤᠨ ᠤ ᠳᠡᠭᠡᠭᠰᠢ ᠮᠡᠳᠡᠭᠦᠯᠦᠭᠰᠡᠨ ᠮᠣᠩᠭᠤᠯ ᠬᠡᠯᠡᠨ ᠤ ᠡᠬᠡ ᠪᠢᠴᠢᠭ ᠢ ᠣᠷᠴᠢᠭᠤᠯᠬᠤ ᠠᠵᠢᠯ ᠢ ᠬᠠᠷᠢᠭᠤᠴᠠᠨ᠎ᠠ︔ ᠪᠥᠬᠦ ᠲᠣᠭᠤᠷᠢᠭ ᠤᠨ ᠴᠢᠬᠤᠯᠠ ᠶᠡᠭᠡ ᠬᠤᠷᠠᠯ ᠤᠨ ᠮᠡᠳᠡᠭᠦᠯᠦᠯᠲᠡ᠂ ᠶᠠᠷᠢᠶ᠎ᠠ ᠶᠢᠨ ᠮᠣᠩᠭᠤᠯ ᠬᠡᠯᠡᠨ ᠤ ᠣᠷᠴᠢᠭᠤᠯᠭ᠎ᠠ ᠵᠢᠴᠢ ᠪᠤᠰᠤᠳ ᠣᠷᠴᠢᠭᠤᠯᠭ᠎ᠠ ᠶᠢᠨ ᠠᠵᠢᠯ ᠢ ᠳᠠᠭᠠᠭᠠᠨ ᠭᠦᠢᠴᠡᠳᠬᠡᠨ᠎ᠡ︔ ᠪᠥᠬᠦ ᠲᠣᠭᠤᠷᠢᠭ ᠤᠨ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠬᠡᠯᠡᠨ ᠤ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠵᠤ ᠵᠢᠯᠤᠭᠤᠳᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃        ︵ᠠᠷᠪᠠᠨ ᠭᠤᠷᠪᠠ︶ ᠭᠠᠳᠠᠭᠠᠳᠤ ᠶᠠᠪᠤᠳᠠᠯ ᠤᠨ ᠳᠠᠰᠤᠭ᠃ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢᠨ ᠬᠥᠮᠦᠵᠢᠯ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠡᠭᠦᠷᠭᠡᠯᠡᠨ᠎ᠡ︔ ᠪᠥᠬᠦ ᠲᠣᠭᠤᠷᠢᠭ ᠤᠨ ᠭᠠᠳᠠᠭᠠᠳᠤ ᠳᠤ ᠬᠤᠯᠪᠣᠭᠳᠠᠬᠤ ᠬᠡᠷᠡᠭ ᠶᠠᠪᠤᠳᠠᠯ ᠢ ᠬᠠᠷᠢᠭᠤᠴᠠᠬᠤ ᠪᠤᠶᠤ ᠬᠠᠮᠵᠢᠨ ᠰᠢᠢᠳᠪᠦᠷᠢᠯᠡᠨ᠎ᠡ︔ ᠪᠥᠬᠦ ᠲᠣᠭᠤᠷᠢᠭ ᠤᠨ ᠴᠢᠬᠤᠯᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠵᠣᠬᠢᠴᠠᠭᠤᠯᠬᠤ ᠪᠠ ᠵᠣᠬᠢᠶᠠᠨ ᠪᠠᠶᠢᠭᠤᠯᠬᠤ ᠳᠤ ᠣᠷᠣᠯᠴᠠᠨ᠎ᠠ︔ ᠪᠥᠬᠦ ᠲᠣᠭᠤᠷᠢᠭ ᠤᠨ ᠠᠯᠪᠠᠨ ᠶᠠᠪᠤᠳᠠᠯ ᠢᠶᠠᠷ ᠲᠣᠮᠢᠯᠠᠭᠰᠠᠨ ᠤᠯᠤᠰ ︵ᠬᠢᠯᠢ︶ ᠠᠴᠠ ᠭᠠᠷᠬᠤ ᠪᠠ ᠭᠠᠳᠠᠭᠠᠳᠤ ᠶᠢᠨ ᠬᠥᠮᠥᠨ ᠢ ᠤᠷᠢᠵᠤ ᠮᠠᠨ ᠤ ᠲᠣᠭᠤᠷᠢᠭ ᠲᠤ ᠠᠶᠢᠯᠴᠢᠯᠠᠭᠤᠯᠬᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠪᠠ ᠳᠡᠭᠡᠭᠰᠢ ᠮᠡᠳᠡᠭᠦᠯᠦᠨ᠎ᠡ︔ ᠪᠥᠬᠦ ᠲᠣᠭᠤᠷᠢᠭ ᠤᠨ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭᠠᠨ ᠤ ᠠᠵᠢᠯ ᠢ ᠵᠢᠯᠣᠭᠤᠳᠤᠨ ᠬᠠᠮᠢᠶᠠᠷᠤᠨ᠎ᠠ︔ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠭᠠᠳᠠᠭᠠᠳᠤ ᠤᠬᠠᠭᠤᠯᠭ᠎ᠠ ᠵᠢᠴᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃        ︵ᠠᠷᠪᠠᠨ ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠥᠭᠡᠷᠡᠴᠢᠯᠡᠯᠲᠡ ᠶᠢ ᠠᠬᠢᠭᠤᠯᠬᠤ ᠳᠠᠰᠤᠭ᠃ ᠪᠥᠬᠦ ᠲᠣᠭᠤᠷᠢᠭ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠦᠢᠴᠡᠳᠬᠡᠯ ᠲᠤᠭ᠎ᠠ ᠶᠢᠨ ᠭᠦᠢᠴᠡᠳᠬᠡᠯ ᠲᠤᠭ᠎ᠠ ᠶᠢ ᠲᠣᠭᠲᠠᠭᠠᠬᠤ᠂ ᠡᠳᠦᠷ ᠲᠤᠲᠤᠮ ᠤᠨ ᠬᠢᠨᠠᠨ ᠡᠵᠡᠮᠳᠡᠬᠦ ᠪᠠ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ︔ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠷᠢᠶᠡᠨ ᠳᠠᠬᠢ ᠭᠦᠢᠴᠡᠳᠬᠡᠬᠦ ᠲᠤᠭ᠎ᠠ ᠶᠢ ᠲᠣᠭᠲᠠᠭᠠᠬᠤ᠂ ᠡᠳᠦᠷ ᠲᠤᠳᠤᠮ ᠤᠨ ᠬᠢᠨᠠᠨ ᠡᠵᠡᠮᠳᠡᠬᠦ ᠪᠠ ᠬᠢᠨᠠᠨ ᠰᠢᠯᠭᠠᠵᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃        ︵ᠠᠷᠪᠠᠨ ᠲᠠᠪᠤ︶ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠳᠠᠰᠤᠭ᠃ ᠪᠥᠬᠦ ᠲᠣᠭᠤᠷᠢᠭ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠵᠤ ᠬᠠᠮᠢᠶᠠᠷᠬᠤ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠶᠡᠷᠦᠩᠬᠡᠶᠢᠯᠡᠨ ᠬᠠᠮᠢᠶᠠᠷᠬᠤ᠂ ᠲᠣᠬᠢᠷᠠᠭᠤᠯᠤᠨ ᠬᠡᠷᠡᠭᠯᠡᠬᠦ ᠵᠡᠷᠭᠡ ᠠᠵᠢᠯ ᠢ ᠬᠠᠷᠢᠭᠤᠴᠠᠨ᠎ᠠ᠃        ︵ᠠᠷᠪᠠᠨ ᠵᠢᠷᠭᠤᠭ᠎ᠠ︶  ᠵᠠᠰᠠᠭ ᠵᠠᠬᠢᠷᠭᠠᠨ ᠤ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠷᠤ ᠲᠠᠯ᠎ᠠ ᠶᠢᠨ  ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠲᠤᠯᠤᠭ᠎ᠠ︶  ᠡᠳ᠋ ᠤᠨ ᠶᠠᠪᠤᠳᠠᠯ ᠤᠨ ᠳᠠᠰᠤᠭ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠵᠦᠢᠯ ᠤᠨ ᠡᠳ᠋ ᠤᠨ ᠶᠠᠪᠤᠳᠠᠯ ᠢ ᠬᠠᠷᠢᠭᠤᠴᠠᠨ᠎ᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃        ᠭᠤᠷᠪᠠ᠂ ᠠᠵᠢᠯᠯᠠᠬᠤ ᠭᠠᠵᠠᠷ᠄ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠪᠠᠷᠠᠭᠤᠨ ᠡᠭᠦᠳᠡ ᠵᠡᠭᠡᠯᠢ ᠭᠤᠳᠤᠮᠵᠢ ᠶᠢᠨ ᠬᠤᠣᠯᠢᠨ ᠭᠤᠣᠯ ᠶᠡᠭᠡ ᠵᠡᠭᠡᠯᠢ ᠶᠢᠨ 908 ᠳ᠋ᠤᠭᠠᠷ ᠨᠣᠮᠧᠷᠲᠤ ᠬᠤᠷᠴᠢᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 6 ᠳ᠋ᠤᠭᠠᠷ ᠠᠰᠠᠷ       ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 ︱ 12᠄ 00 ᠦᠳᠡ ᠶᠢᠨ ᠬᠤᠶᠢᠨᠠᠬᠢ 2᠄ 30 ︱ 5᠄ 30       ᠬᠠᠷᠢᠭᠤᠴᠠᠯᠭᠠᠲᠠᠨ᠄  ᠯᠢᠦ ᠶᠠᠩ      ᠬᠠᠷᠢᠯᠴᠠᠬᠤ ᠤᠲᠠᠰᠤ᠄ 0475 ︱ 8319100       ᠳᠥᠷᠪᠡ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠶᠠᠯᠠᠭᠳᠠᠬᠤ 2 ᠬᠤᠶᠠᠳᠤᠭᠠᠷ ᠳᠡᠰ ᠤᠨ ᠨᠢᠭᠡᠴᠢ       ︵ᠨᠢᠭᠡ︶ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ  ᠨᠢᠭᠡᠴᠢ  ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭ᠎ᠠ ᠶᠢᠨ ᠲᠠᠰ ᠪᠣᠯᠣᠨ᠎ᠠ᠃      1. ᠭᠤᠣᠯ ᠡᠭᠦᠷᠭᠡ ᠬᠠᠷᠢᠭᠤᠴᠠᠯᠭ᠎ᠠ᠄       ︵1︶ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠠᠵᠢᠯ ᠤᠨ ᠲᠦᠷᠦ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠵᠦ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠠᠵᠢᠯ ᠢ ᠬᠠᠪᠰᠤᠷᠤᠨ ᠥᠷᠨᠢᠭᠦᠯᠦᠨ᠎ᠡ︔ ᠬᠠᠮᠢᠶ᠎ᠠ ᠪᠦᠬᠦᠢ ᠲᠠᠩᠰᠠ ᠡᠪᠬᠡᠮᠡᠯ ᠢ ᠪᠦᠷᠢᠳᠬᠡᠨ ᠡᠮᠬᠢᠯᠡᠬᠦ ᠠᠵᠢᠯ ᠢ ᠡᠭᠦᠷᠭᠡᠯᠡᠨ᠎ᠡ︔ ᠲᠥᠪ ᠤᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠡᠯᠧᠺᠲᠷᠣᠨ ᠮᠡᠳᠡᠭᠡ ᠵᠠᠩᠭᠢ ᠶᠢᠨ ᠰᠢᠰᠲ᠋ᠧᠮ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃        ︵2︶ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠳᠦᠷᠦ ᠶᠢᠨ ᠪᠣᠳᠣᠯᠭ᠎ᠠ᠂ ᠳᠦᠷᠢᠮ ᠢ ᠬᠠᠮᠵᠢᠨ ᠲᠣᠭᠲᠠᠭᠠᠵᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠢᠯᠡ ᠪᠣᠯᠭᠠᠬᠤ ᠪᠠ ᠨᠤᠷᠮ᠎ᠠ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠳᠤ ᠬᠠᠪᠰᠤᠷᠤᠯᠭ᠎ᠠ ᠦᠵᠡᠭᠦᠯᠦᠨ᠎ᠡ᠃        ︵3︶ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠢᠭᠡᠳᠦᠯᠲᠡᠢ ᠲᠥᠯᠥᠪᠯᠡᠬᠦ ᠠᠵᠢᠯ ᠢ ᠡᠭᠦᠷᠭᠡᠯᠡᠵᠦ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠬᠡᠷᠡᠭᠯᠡᠵᠦ ᠲᠣᠬᠢᠷᠠᠭᠤᠯᠬᠤ᠂ ᠰᠢᠢᠳᠪᠦᠷᠢᠯᠡᠵᠦ ᠰᠡᠯᠪᠢᠨ ᠵᠠᠰᠠᠬᠤ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠵᠡᠷᠭᠡ ᠳᠤ ᠲᠤᠰᠠᠯᠠᠬᠤ ᠠᠵᠢᠯ ᠬᠠᠩᠭᠠᠨ᠎ᠠ᠃ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠢ ᠲᠣᠷᠠᠳᠨ᠎ᠠ᠃        ︵4︶ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠡᠷᠡᠭᠯᠡᠬᠦ ᠳᠤ ᠬᠠᠪᠰᠤᠷᠤᠯᠭ᠎ᠠ ᠦᠵᠡᠭᠦᠯᠦᠨ᠎ᠡ︔ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ᠂ ᠰᠢᠯᠵᠢᠭᠦᠯᠦᠨ ᠲᠣᠬᠢᠷᠠᠭᠤᠯᠬᠤ᠂ ᠰᠢᠢᠳᠪᠦᠷᠢᠯᠡᠬᠦ ᠠᠵᠢᠯ ᠢ ᠡᠭᠦᠷᠭᠡᠯᠡᠨ᠎ᠡ︔ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃        ︵5︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠲᠦᠯᠬᠢᠨ ᠠᠬᠢᠭᠤᠯᠬᠤ ᠪᠠ ᠵᠣᠬᠢᠴᠠᠭᠤᠯᠬᠤ ᠠᠵᠢᠯ ᠢ ᠡᠭᠦᠷᠭᠡᠯᠡᠨ᠎ᠡ᠃        ︵6︶ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠠᠮᠤᠷ ᠲᠦᠪᠰᠢᠨ ᠤ ᠬᠠᠮᠠᠭᠠᠯᠠᠯᠲᠠ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠪᠠᠲᠤᠯᠠᠭ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠠᠳᠠᠯ ᠠᠬᠤᠢ ᠶᠢᠨ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃        ︵7︶ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃        2. ᠳᠣᠲᠣᠭᠠᠳᠤ ᠪᠠᠶᠢᠭᠤᠯᠤᠮᠵᠢ᠄       ︵1︶ ᠶᠡᠷᠦᠩᠬᠡᠶᠢᠯᠡᠭᠰᠡᠨ ᠳᠠᠰᠤᠭ᠃ ᠪᠠᠶᠢᠭᠤᠯᠭ᠎ᠠ ᠶᠢᠨ ᠳᠣᠲᠣᠭᠠᠳᠤ ᠶᠢᠨ ᠨᠠᠮ ᠤᠨ ᠪᠠᠶᠢᠭᠤᠯᠤᠯᠲᠠ᠂ ᠮᠡᠳᠡᠭᠡ ᠵᠠᠩᠭᠢ᠂ ᠺᠠᠳ᠋ᠷ ᠤᠨ ᠠᠵᠢᠯ ᠳᠤ ᠭᠠᠷᠬᠤ ᠶᠢ ᠰᠢᠯᠭᠠᠨ ᠬᠢᠨᠠᠬᠤ᠂ ᠥᠭᠡᠷᠡᠴᠢᠯᠡᠯᠲᠡ ᠬᠢᠬᠦ᠂  ᠴᠢᠬᠤᠯᠠ ᠨᠢᠭᠤᠴᠠ ᠶᠢ ᠬᠠᠮᠠᠭᠠᠯᠠᠬᠤ᠂ ᠪᠠᠶᠢᠭᠤᠯᠭ᠎ᠠ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠬᠠᠮᠢᠶ᠎ᠠ ᠪᠦᠬᠦᠢ ᠬᠤᠷᠠᠯ ᠢ ᠵᠣᠬᠢᠶᠠᠨ ᠪᠠᠶᠢᠭᠤᠯᠬᠤ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠭᠦᠢᠴᠡᠳᠬᠡᠬᠦ᠂ ᠠᠵᠢᠯᠲᠠᠨ ᠤ ᠶᠠᠪᠤᠳᠠᠯ ᠵᠢᠴᠢ ᠪᠤᠰᠤᠳ ᠵᠠᠰᠠᠭ ᠤᠨ ᠶᠠᠪᠤᠳᠠᠯ᠂ ᠠᠵᠢᠯ ᠶᠠᠪᠤᠳᠠᠯ ᠤᠨ ᠴᠢᠨᠠᠷᠲᠠᠢ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠲᠥᠪ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠡᠯᠧᠺᠲᠷᠣᠨ ᠮᠡᠳᠡᠭᠡ ᠵᠠᠩᠭᠢ ᠶᠢᠨ ᠰᠢᠰᠲ᠋ᠧᠮ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠵᠡᠷᠭᠡ ᠬᠤᠷᠴᠢᠨ ᠲᠣᠭᠤᠷᠢᠭ ᠤᠨ ᠨᠢᠭᠡᠳᠦᠯᠲᠡᠢ ᠬᠠᠮᠢᠶᠠᠷᠬᠤ ᠠᠯᠪᠠᠨ ᠭᠡᠷ᠂ ᠭᠠᠵᠠᠷ ᠬᠥᠷᠥᠩᠭᠡ ᠶᠢᠨ ᠬᠠᠷᠢᠶ᠎ᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠡᠳᠦᠷ ᠲᠤᠲᠤᠮ ᠤᠨ ᠰᠡᠯᠪᠢᠨ ᠵᠠᠰᠠᠯᠲᠠ ᠊ ᠬᠠᠮᠠᠭᠠᠯᠠᠯᠲᠠ ᠬᠠᠮᠢᠶᠠᠷᠤᠯᠲᠠ ᠶᠢ ᠡᠭᠦᠷᠭᠡᠯᠡᠵᠦ᠂ ᠠᠳᠠᠯ ᠠᠬᠤᠢ ᠶᠢᠨ ᠺᠣᠮᠫᠠᠨᠢ ᠶᠢᠨ ᠰᠣᠩᠭᠤᠨ ᠤᠷᠢᠬᠤ ᠪᠠ ᠬᠢᠨᠠᠯᠲᠠ ᠲᠠᠯᠪᠢᠵᠤ ᠬᠠᠮᠢᠶᠠᠷᠬᠤ᠂ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ᠂ ᠴᠠᠬᠢᠯᠭᠠᠨ ᠱᠠᠲᠤ ᠶᠢᠨ ᠠᠵᠢᠯᠯᠠᠭᠠᠨ᠂ ᠡᠳᠦᠷ ᠲᠤᠲᠤᠮ ᠤᠨ ᠬᠠᠮᠠᠭᠠᠯᠠᠯᠲᠠ ᠵᠢᠴᠢ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠬᠤᠭᠤᠯᠠᠢ ᠶᠢᠨ ᠬᠡᠰᠡᠭ ᠤᠨ ᠬᠠᠮᠠᠭᠠᠯᠠᠯᠲᠠ ᠬᠠᠮᠢᠶᠠᠷᠤᠯᠲᠠ᠂ ᠵᠠᠮ ᠬᠠᠷᠢᠯᠴᠠᠭᠠᠨ ᠤ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠤ ᠶᠢᠨ ᠪᠣᠳᠣᠯᠭ᠎ᠠ᠂ ᠳᠦᠷᠢᠮ ᠢ ᠬᠠᠪᠰᠤᠷᠤᠨ ᠲᠣᠭᠲᠠᠭᠠᠵᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠵᠦᠢᠯᠡᠰ ᠪᠠ ᠨᠤᠷᠮ᠎ᠠ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠳᠤ ᠬᠠᠪᠰᠤᠷᠤᠯᠭ᠎ᠠ ᠦᠵᠡᠭᠦᠯᠦᠨ᠎ᠡ᠃ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠪᠠ ᠲᠣᠬᠢᠷᠠᠭᠤᠯᠤᠯᠲᠠ ᠶᠢ ᠡᠭᠦᠷᠭᠡᠯᠡᠨ᠎ᠡ︔ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠳᠦᠷᠢᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ︔ ᠲᠣᠭᠤᠷᠢᠭ ᠤᠨ ᠲᠣᠰ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠤᠬᠠᠭᠤᠯᠬᠤ ᠡᠭᠦᠷᠭᠡ ᠶᠢ ᠡᠭᠦᠷᠭᠡᠯᠡᠨ᠎ᠡ︔ ᠲᠣᠭᠤᠷᠢᠭ ᠤᠨ ᠲᠣᠰ ᠱᠠᠲᠤᠨ ᠤ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠂ ᠪᠠᠷᠢᠯᠭ᠎ᠠ ᠶᠢᠨ ᠲᠥᠷᠥᠯ ᠵᠦᠢᠯ᠂ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠲᠥᠷᠥᠯ ᠵᠦᠢᠯ ᠵᠢᠴᠢ ᠡᠯ᠎ᠡ ᠵᠦᠢᠯ ᠤᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠬᠠᠷᠭᠤᠭᠤᠯᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠠᠵᠢᠯ ᠢ ᠡᠭᠦᠷᠭᠡᠯᠡᠨ᠎ᠡ︔ ᠲᠣᠭᠤᠷᠢᠭ ᠤᠨ ᠲᠣᠰ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠭᠰᠠᠨ ᠢ ᠱᠠᠩᠨᠠᠵᠤ ᠲᠣᠷᠭᠠᠬᠤ ᠳᠦᠷᠢᠮ ᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠡᠭᠦᠷᠭᠡᠯᠡᠨ᠎ᠡ︔ ᠲᠣᠭᠤᠷᠢᠭ ᠤᠨ ᠲᠣᠰ ᠱᠠᠲᠤᠨ ᠤ ᠪᠠᠭᠤᠯᠭᠠᠭᠰᠠᠨ ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠬᠠᠷᠠᠯᠲᠠᠲᠤ ᠬᠠᠮᠢᠶᠠᠷᠤᠯᠲᠠ ᠪᠠ ᠲᠤᠭ᠎ᠠ ᠪᠦᠷᠢᠳᠬᠡᠯ ᠢ ᠳᠡᠭᠡᠭᠰᠢ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ︔        ︵2︶ ᠡᠳ᠋ ᠬᠥᠷᠥᠩᠭᠡ ᠶᠢᠨ ᠳᠠᠰᠤᠭ᠃ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠵᠢᠴᠢ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠶᠢᠨ ᠠᠵᠢᠯᠯᠠᠬᠤ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠬᠡᠷᠡᠭᠯᠡᠵᠦ ᠲᠣᠬᠢᠷᠠᠭᠤᠯᠬᠤ᠂ ᠵᠠᠰᠠᠵᠤ ᠴᠢᠮᠡᠭᠯᠡᠵᠦ ᠬᠠᠮᠠᠭᠠᠯᠠᠬᠤ᠂ ᠰᠢᠢᠳᠪᠦᠷᠢᠯᠡᠵᠦ ᠠᠰᠢᠭᠯᠠᠬᠤ᠂ ᠰᠢᠨ᠎ᠡ ᠪᠠᠷ ᠪᠠᠶᠢᠭᠤᠯᠵᠤ ᠥᠷᠭᠡᠳᠬᠡᠨ ᠪᠠᠶᠢᠭᠤᠯᠬᠤ ᠵᠡᠷᠭᠡ ᠲᠤᠰᠠᠯᠠᠬᠤ ᠠᠵᠢᠯ ᠢ ᠡᠭᠦᠷᠭᠡᠯᠡᠵᠦ᠂ ᠨᠢᠭᠡᠳᠦᠯᠲᠡᠢ ᠪᠠᠷᠢᠬᠤ ᠣᠷᠣᠨ ᠰᠠᠭᠤᠴᠠ᠂ ᠰᠢᠭᠤᠳ ᠬᠠᠮᠢᠶᠠᠷᠬᠤ ᠣᠷᠣᠨ ᠰᠠᠭᠤᠴᠠ ᠶᠢᠨ ᠰᠢᠢᠳᠪᠦᠷᠢᠯᠡᠯᠲᠡ ᠶᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠨᠢᠭᠡᠳᠦᠯᠲᠡᠢ ᠲᠣᠬᠢᠷᠠᠭᠤᠯᠬᠤ ᠵᠢᠴᠢ ᠡᠷᠬᠡ ᠶᠢᠨ ᠬᠠᠷᠢᠶᠠᠯᠠᠯ ᠢ ᠬᠠᠮᠢᠶᠠᠷᠬᠤ ᠵᠡᠷᠭᠡ ᠠᠵᠢᠯ ᠢ ᠬᠢᠵᠦ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠡᠳ᠋ ᠬᠥᠷᠥᠩᠭᠡ᠂ ᠨᠡᠶᠢᠳᠡᠮ ᠬᠡᠷᠡᠭᠯᠡᠬᠦ ᠡᠳ᠋ ᠬᠥᠷᠥᠩᠭᠡ ᠶᠢ ᠭᠥᠯᠢᠶᠡᠨ ᠠᠪᠴᠤ ᠰᠢᠢᠳᠪᠦᠷᠢᠯᠡᠨ ᠠᠰᠢᠭᠯᠠᠵᠤ᠂ ᠲᠣᠭᠤᠷᠢᠭ ᠤᠨ ᠲᠣᠰ ᠱᠠᠲᠤᠨ ᠤ ᠠᠵᠢᠯᠯᠠᠬᠤ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠵᠢᠴᠢ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃        ︵3︶ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠨ‌‍ᠲ᠋ᠠᠰᠤᠭ᠃ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠪᠣᠯᠣᠨ ᠲᠣᠮᠣ ᠳᠤᠮᠳᠠ ᠬᠡᠯᠪᠡᠷᠢ ᠶᠢᠨ ᠰᠡᠯᠪᠢᠨ ᠵᠠᠰᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠦᠨᠳᠦᠰᠦᠨ ᠪᠦᠲᠦᠭᠡᠨ ᠪᠠᠶᠢᠭᠤᠯᠤᠯᠲᠠ ᠵᠢᠴᠢ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠬᠦ ᠶᠢᠨ ᠬᠠᠮᠲᠤ᠂ ᠲᠥᠷᠥᠯ ᠵᠦᠢᠯ ᠤᠨ ᠲᠥᠰᠥᠪ᠂ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠳᠠᠭᠠᠭᠠᠴᠢᠯᠠᠯᠲᠠ ᠵᠠᠷᠯᠠᠬᠤ᠂ ᠰᠢᠯᠭᠠᠨ ᠠᠪᠬᠤ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃        ︵4︶ ᠠᠯᠪᠠᠨ ᠤ ᠲᠡᠷᠭᠡ ᠶᠢ ᠲᠣᠬᠢᠷᠠᠭᠤᠯᠬᠤ ᠠᠯᠪᠠᠨ ᠭᠡᠷ᠃ ᠲᠣᠭᠤᠷᠢᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠥᠭᠡᠷᠡᠴᠢᠯᠡᠬᠦ᠂ ᠬᠢᠨᠠᠨ ᠵᠥᠪᠰᠢᠶᠡᠷᠡᠬᠦ᠂ ᠲᠣᠬᠢᠷᠠᠭᠤᠯᠬᠤ᠂ ᠬᠠᠮᠢᠶᠠᠷᠬᠤ᠂ ᠰᠢᠨᠡᠳᠬᠡᠬᠦ ᠪᠠ ᠰᠢᠢᠳᠪᠦᠷᠢᠯᠡᠬᠦ ᠠᠵᠢᠯ ᠢ ᠡᠭᠦᠷᠭᠡᠯᠡᠨ᠎ᠡ︔ ᠪᠥᠬᠦ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠨ᠎ᠠ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠤᠯᠲᠠ᠂ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠲᠣᠭᠤᠷᠢᠭ ᠤᠨ ᠲᠣᠰ ᠱᠠᠲᠤᠨ ᠤ ᠰᠢᠮᠳᠠᠭᠤᠯᠤᠨ ᠪᠠᠶᠢᠴᠠᠭᠠᠬᠤ᠂ ᠬᠢᠨᠠᠨ ᠵᠢᠯᠤᠭᠤᠳᠬᠤ᠂ ᠪᠠᠶᠢᠴᠠᠭᠠᠨ ᠰᠤᠳᠤᠯᠬᠤ ᠲᠡᠷᠭᠡ ᠬᠥᠰᠬᠡ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃        3. ᠠᠵᠢᠯᠯᠠᠬᠤ ᠭᠠᠵᠠᠷ᠄ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠪᠠᠷᠠᠭᠤᠨ ᠡᠭᠦᠳᠡ ᠵᠡᠭᠡᠯᠢ ᠭᠤᠳᠤᠮᠵᠢ ᠶᠢᠨ ᠬᠤᠣᠯᠢᠨ ᠭᠤᠣᠯ ᠶᠡᠭᠡ ᠵᠡᠭᠡᠯᠢ ᠶᠢᠨ 908 ᠳ᠋ᠤᠭᠠᠷ ᠬᠤᠷᠴᠢᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 5 ᠳ᠋ᠤᠭᠠᠷ ᠠᠰᠠᠷ       ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 ︱ 12᠄ 00 ᠦᠳᠡ ᠶᠢᠨ ᠬᠤᠶᠢᠨᠠᠬᠢ 2᠄ 30 ︱ 5᠄ 30       ᠬᠠᠷᠢᠭᠤᠴᠠᠯᠭ᠎ᠠ ᠡᠭᠦᠷᠭᠡᠯᠡᠭᠴᠢ᠄ ᠵᠠᠩ ᠪᠢᠨ ᠵᠢᠦ       ᠬᠠᠷᠢᠯᠴᠠᠬᠤ ᠤᠲᠠᠰᠤ᠄ 0475 ︱ 8319177       ︵ᠬᠤᠶᠠᠷ︶ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠣᠶᠣᠯ ᠬᠡᠪᠯᠡᠯ ᠤᠨ ᠲᠥᠪ ᠪᠣᠯ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠠᠰᠤᠭ ᠤᠨ ᠲᠠᠰ ᠪᠣᠯᠣᠨ᠎ᠠ᠃        1. ᠭᠤᠣᠯ ᠡᠭᠦᠷᠭᠡ ᠬᠠᠷᠢᠭᠤᠴᠠᠯᠭ᠎ᠠ᠄ ᠬᠡᠪᠯᠡᠭᠰᠡᠨ ᠥᠰᠥᠭ ᠪᠢᠴᠢᠭ ᠤᠨ ᠮᠠᠲ᠋ᠧᠷᠢᠶᠠᠯ᠂ ᠡᠯ᠎ᠡ ᠵᠦᠢᠯ ᠤᠨ ᠠᠯᠪᠠᠨ ᠳᠤ ᠬᠡᠷᠡᠭᠯᠡᠬᠦ ᠴᠠᠭᠠᠰᠤ ᠵᠢᠴᠢ ᠴᠠᠭᠠᠰᠤ ᠬᠠᠩᠭᠠᠬᠤ ᠵᠡᠷᠭᠡ ᠦᠢᠯᠡᠴᠢᠯᠡᠭᠡᠨ ᠬᠠᠩᠭᠠᠨ᠎ᠠ᠃ ᠭᠤᠣᠯᠳᠠᠭᠤ ᠯᠠᠶᠢᠰᠧᠷ ᠢᠶᠠᠷ ᠪᠠᠷᠯᠠᠬᠤ᠂ ᠪᠤᠳᠤᠭᠲᠤ ᠪᠠᠷ᠂ ᠬᠤᠷᠭᠤᠯᠵᠢᠨ ᠪᠠᠷ᠂ ᠦᠰᠦᠭ ᠮᠠᠰᠢᠨᠳᠠᠬᠤ ᠠᠵᠢᠯ ᠢ ᠥᠷᠨᠢᠭᠦᠯᠦᠨ᠎ᠡ᠃ ᠡᠯ᠎ᠡ ᠵᠦᠢᠯ ᠤᠨ ᠨᠣᠮ ᠰᠡᠳᠬᠦᠯ᠂ ᠬᠦᠰᠦᠨᠦᠭᠲᠦ᠂ ᠡᠬᠡ ᠪᠢᠴᠢᠭ ᠤᠨ ᠴᠠᠭᠠᠰᠤ᠂ ᠰᠢᠯᠭᠠᠯᠲᠠ ᠶᠢᠨ ᠬᠠᠭᠤᠳᠠᠰᠤ᠂ ᠦᠰᠦᠭ ᠪᠢᠴᠢᠭ ᠤᠨ ᠮᠠᠲ᠋ᠧᠷᠢᠶᠠᠯ᠂ ᠦᠰᠦᠭ ᠪᠢᠴᠢᠭ ᠤᠨ ᠴᠠᠭᠠᠰᠤ᠂ ᠤᠬᠠᠭᠤᠯᠭ᠎ᠠ ᠶᠢᠨ ᠬᠠᠭᠤᠳᠠᠰᠤ᠂ ᠪᠢᠴᠢᠭ ᠮᠠᠲ᠋ᠧᠷᠢᠶᠠᠯ ᠵᠡᠷᠭᠡ ᠶᠢ ᠬᠡᠪᠯᠡᠬᠦ ᠠᠵᠢᠯ ᠢ ᠥᠷᠨᠢᠭᠦᠯᠦᠨ᠎ᠡ᠃ ᠪᠢᠴᠢᠭ ᠬᠠᠷ᠎ᠠ ᠲᠠᠩᠰᠠ ᠡᠪᠬᠡᠮᠡᠯ ᠢ ᠪᠦᠷᠢᠳᠬᠡᠨ ᠡᠮᠬᠢᠯᠡᠬᠦ ᠠᠵᠢᠯ ᠢ ᠡᠭᠦᠷᠭᠡᠯᠡᠨ᠎ᠡ᠃ ᠲᠥᠪ ᠤᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠯᠠᠬᠤ ᠬᠡᠯᠪᠡᠷᠢ ᠪᠠᠷ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃        2. ᠠᠵᠢᠯᠯᠠᠬᠤ ᠭᠠᠵᠠᠷ᠄ ᠥᠪᠥᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠲᠣᠭᠤᠷᠢᠭ ᠤᠨ ᠪᠠᠷᠠᠭᠤᠨ ᠡᠭᠦᠳᠡ ᠵᠡᠭᠡᠯᠢ ᠭᠤᠳᠤᠮᠵᠢ ᠶᠢᠨ ᠬᠤᠣᠯᠢᠨ ᠭᠤᠣᠯ ᠶᠡᠭᠡ ᠵᠡᠭᠡᠯᠢ ᠶᠢᠨ 908 ᠳ᠋ᠤᠭᠠᠷ ᠨᠣᠮᠧᠷᠲᠤ ᠬᠤᠷᠴᠢᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠯᠠᠬᠤ ᠠᠰᠠᠷ ᠤᠨ ᠠᠷᠤ ᠶᠢᠨ ᠠᠰᠠᠷ ᠤᠨ 2 ᠳ᠋ᠤᠭᠠᠷ ᠳᠠᠪᠬᠤᠷᠭ᠎ᠠ᠃        ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 ︱ 12᠄ 00 ᠦᠳᠡ ᠶᠢᠨ ᠬᠤᠶᠢᠨᠠᠬᠢ 2᠄ 30 ︱ 5᠄ 30       ᠬᠠᠷᠢᠭᠤᠴᠠᠯᠭ᠎ᠠ ᠡᠭᠦᠷᠭᠡᠯᠡᠭᠴᠢ᠄ ᠶᠤᠸᠠᠨ ᠴᠢᠤᠸᠠᠨ       ᠬᠠᠷᠢᠯᠴᠠᠬᠤ ᠤᠲᠠᠰᠤ᠄ 0475 ︱ 8319167
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号