ᠣᠷᠴᠢᠨ ᠲᠣᠭᠤᠷᠢᠨ ᠤ ᠠᠭᠤᠷ ᠠᠮᠢᠰᠬᠤᠯ ​
ᠨᠡᠶᠢᠲᠡᠯᠡᠭᠰᠡᠨ ᠴᠠᠭ᠄
2024/12/31
      ᠬᠤᠷᠴᠢᠨ ᠲᠣᠭᠤᠷᠢᠭ ᠤᠨ ᠳᠥᠷᠪᠡᠨ ᠤᠯᠠᠷᠢᠯ ᠲᠣᠳᠣᠷᠬᠠᠢ᠂ ᠨᠡᠷᠡᠨ ᠤ ᠲᠤᠰᠤᠯᠲᠠ ᠭᠦᠢᠴᠡᠳ᠂ ᠪᠣᠷᠣᠭᠠᠨ ᠣᠷᠣᠬᠤ ᠪᠠ ᠥᠨᠳᠥᠷ ᠳᠤᠯᠠᠭᠠᠨ ᠤ ᠤᠯᠠᠷᠢᠯ ᠢᠵᠢᠯᠢ ᠠᠯᠬᠤᠮ ᠲᠠᠢ᠂ ᠠᠭᠠᠷ ᠤᠨ ᠳᠤᠯᠠᠭᠠᠨ ᠲᠣᠬᠢᠷᠠᠮᠵᠢᠲᠠᠢ ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 6.1°C᠂ ᠨᠡᠷᠡᠨ ᠤ ᠲᠤᠰᠤᠯᠲᠠ ᠶᠢᠨ ᠲᠤᠭ᠎ᠠ ᠨᠢ 3113 ᠴᠠᠭ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 385.1 ᠮᠢᠯᠢᠮᠧᠲᠷ ᠪᠠᠶᠢᠵᠤ᠂ ᠬᠠᠪᠤᠷ ᠨᠠᠮᠤᠷ ᠤᠨ ᠲᠤᠨᠳᠠᠰᠤᠨ ᠤ ᠬᠡᠮᠵᠢᠶ᠎ᠡ ᠨᠢ ᠵᠢᠯ ᠤᠨ ᠲᠤᠨᠳᠠᠰᠤᠨ ᠤ ᠬᠡᠮᠵᠢᠶ᠎ᠡ ᠶᠢᠨ 13%—16%  ᠶᠢ ᠡᠵᠡᠯᠡᠨ᠎ᠡ᠃ ᠵᠢᠯ ᠤᠨ ᠳᠤᠮᠳᠠᠴᠢ ᠬᠢᠷᠠᠭᠤ ᠦᠭᠡᠢ ᠬᠤᠭᠤᠴᠠᠭ᠎ᠠ ᠨᠢ 150 ᠡᠳᠦᠷ ᠪᠠᠶᠢᠵᠤ᠂ ᠵᠢᠯ ᠤᠨ ᠳᠤᠮᠳᠠᠴᠢ ᠰᠠᠯᠬᠢᠨ ᠤ ᠬᠤᠷᠳᠤᠴᠠ ᠨᠢ 3.6m/s ᠪᠠᠶᠢᠳᠠᠭ᠃ ᠬᠤᠷᠴᠢᠨ ᠲᠣᠭᠤᠷᠢᠭ ᠤᠨ ᠬᠤᠲᠠ ᠶᠢᠨ ᠲᠠᠯᠠᠪᠠᠶ ᠨᠢ 32.96 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠦᠷᠪᠡᠨ ᠭᠠᠷᠬᠤ ᠡᠭᠦᠳᠡ ᠶᠢᠨ ᠵᠠᠰᠠᠮᠠᠯ ᠵᠠᠮ ᠳᠠᠭᠠᠤ ᠶᠢᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ 10836 ᠮᠦ ᠪᠠᠶᠢᠵᠤ᠂ ᠪᠥᠬᠦ ᠲᠣᠭᠤᠷᠢᠭ ᠤᠨ ᠬᠥᠷᠥᠰᠥ ᠰᠢᠷᠣᠢ ᠨᠢ ᠰᠠᠭᠠᠷᠠᠯ ᠨᠤᠭᠤ ᠶᠢᠨ ᠬᠥᠷᠥᠰᠥ ᠪᠠᠷ ᠭᠤᠣᠯᠯᠠᠵᠤ᠂ ᠪᠥᠬᠦ ᠭᠠᠵᠠᠷ ᠰᠢᠷᠣᠢ ᠶᠢᠨ ᠲᠠᠯᠠᠪᠠᠶ ᠶᠢᠨ 60.6% ᠶᠢ ᠡᠵᠡᠯᠡᠵᠦ᠂ ᠲᠠᠷᠬᠠᠯᠲᠠ ᠨᠢ ᠥᠷᠭᠡᠨ᠂ ᠬᠦᠴᠦ ᠰᠢᠮ᠎ᠡ ᠨᠢ ᠥᠨᠳᠥᠷ ᠪᠠᠶᠢᠵᠤ᠂ ᠠᠷᠠᠳ ᠤᠨ ᠠᠮᠢᠳᠤᠷᠠᠯ ᠪᠠ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠬᠢᠬᠦ ᠬᠦᠰᠡᠯᠡᠩ ᠤᠨ ᠣᠷᠣᠨ ᠪᠦᠰᠡ ᠪᠣᠯᠣᠨ᠎ᠠ᠃       ᠲᠦᠩᠯᠢᠶᠣᠣ ᠬᠤᠲᠠ ᠳᠤ ᠣᠲᠣ ᠶᠡᠭᠡ ᠪᠠᠭ᠎ᠠ ᠭᠤᠣᠯ ᠮᠥᠷᠡᠨ 43᠂ ᠲᠣᠮᠣ ᠬᠡᠯᠪᠡᠷᠢ ᠶᠢᠨ ᠤᠰᠤᠨ ᠴᠥᠭᠦᠷᠥᠮ 5᠂ ᠳᠤᠮᠳᠠ ᠬᠡᠯᠪᠡᠷᠢ ᠶᠢᠨ ᠤᠰᠤᠨ ᠴᠥᠭᠦᠷᠥᠮ 10᠂ ᠵᠢᠵᠢᠭ ᠤᠰᠤᠨ ᠴᠥᠭᠦᠷᠥᠮ 10᠂ ᠴᠥᠭᠦᠷᠥᠮ ᠤᠨ ᠬᠠᠰᠢᠯᠭ᠎ᠠ 80 ᠪᠠᠶᠢᠵᠤ᠂ ᠶᠡᠷᠦᠩᠬᠡᠢ ᠴᠥᠭᠦᠷᠥᠮ ᠤᠨ ᠪᠠᠭᠲᠠᠭᠠᠮᠵᠢ ᠨᠢ 99178 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠣᠶ ᠰᠢᠭᠤᠢ ᠶᠢᠨ ᠲᠠᠯᠠᠪᠠᠶ ᠨᠢ 125 ᠲᠦᠮᠡᠨ ᠾᠧᠺᠲ᠋ᠠᠷ᠂ ᠣᠶ ᠮᠣᠳᠣᠨ ᠤ ᠶᠡᠷᠦᠩᠬᠡᠢ ᠬᠠᠳᠠᠭᠠᠯᠠᠭᠳᠠᠴᠠ ᠶᠢᠨ ᠬᠡᠮᠵᠢᠶ᠎ᠡ ᠨᠢ 1745 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠶ ᠮᠣᠳᠣᠨ ᠤ ᠮᠣᠳᠣᠨ ᠤ ᠲᠥᠷᠥᠯ 46 ᠢᠵᠠᠭᠤᠷ᠂ 80 ᠲᠥᠷᠥᠯ᠂  220 ᠳᠦᠷᠰᠦ ᠪᠠᠶᠢᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号