ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠲᠠᠷᠢᠶᠠᠯᠠᠩ ᠮᠠᠯ ᠠᠵᠤ ᠠᠬᠤᠢ ᠶᠢ ᠡᠷᠴᠢᠮᠵᠢᠭᠦᠯᠬᠦ᠂ | ᠬᠡᠪᠴᠢᠶᠡᠵᠢᠭᠦᠯᠬᠦ᠂ ᠳᠡᠭᠡᠳᠦ ᠲᠡᠰᠵᠢᠭᠦᠯᠬᠦ ᠬᠥᠭᠵᠢᠯᠲᠡ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ︽ᠠᠮᠤ ᠪᠤᠳᠠᠭ᠎ᠠ ᠶᠢ | ᠲᠣᠭᠲᠠᠪᠤᠷᠢᠵᠢᠭᠤᠯᠬᠤ᠂ ᠠᠵᠤ ᠠᠬᠤᠢ ᠶᠢ ᠰᠢᠯᠢᠳᠡᠭᠵᠢᠭᠦᠯᠬᠦ᠂ ᠲᠡᠵᠢᠭᠡᠯ ᠪᠣᠷᠳᠤᠭ᠎ᠠ ᠶᠢ ᠥᠷᠭᠡᠳᠬᠡᠬᠦ︾ ᠲᠠᠷᠢᠮᠠᠯ ᠤᠨ | ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠰᠢᠯᠢᠳᠡᠭᠵᠢᠭᠦᠯᠵᠦ᠂ ᠲᠠᠷᠢᠶᠠᠯᠠᠩ ᠤᠨ | ᠮᠠᠰᠢᠨᠴᠢᠯᠠᠯᠲᠠ ᠶᠢᠨ ᠶᠡᠷᠦᠩᠬᠡᠢ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ᠂ | ᠠᠵᠢᠯ ᠲᠥᠷᠥᠯ ᠤᠨ ᠨᠡᠶᠢᠭᠡᠮᠯᠢᠭ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠡᠪᠴᠢᠶᠡᠵᠢᠯᠲᠡ᠂ ᠪᠠᠷᠢᠮᠵᠢᠶᠠᠵᠢᠭᠤᠯᠤᠭᠰᠠᠨ ᠬᠥᠭᠵᠢᠯᠲᠡ ᠶᠢᠨ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ᠂ ᠮᠡᠷᠭᠡᠵᠢᠯ ᠤᠨ | ᠦᠢᠯᠡᠴᠢᠯᠡᠭᠡ ᠶᠢ ᠴᠢᠩᠭᠠᠷᠠᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠶᠡᠬᠡᠪᠡᠷ ᠳᠥᠯᠭᠢᠨ ᠠᠬᠢᠭᠤᠯᠤᠨ᠎ᠠ᠃ |