ᠬᠤᠷᠴᠢᠨ ᠲᠣᠭᠤᠷᠢᠭ᠄ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/3/11
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠣᠨᠴᠠᠯᠢᠭᠲᠤ ᠳᠠᠪᠠᠭᠤᠯᠢᠭ ᠠᠵᠤ ᠦᠢᠯᠡᠰ ᠪᠣᠯᠭᠠᠨ ᠭᠤᠣᠯᠳᠠᠯᠭ᠎ᠠ ᠲᠠᠢ ᠪᠣᠶᠢᠵᠢᠭᠤᠯᠬᠤ ᠶᠢ ᠪᠠᠷᠢᠮᠲᠠᠯᠠᠵᠤ᠂ ᠠᠯᠠᠰᠢᠨ ᠦᠬᠡᠷ᠂ ᠠᠮᠢᠳᠤ ᠭᠠᠭ᠋ᠠᠢ ᠵᠡᠷᠭᠡ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠪᠠ᠃ 2023 ᠣᠨ ᠳᠤ᠂ ᠭᠠᠭ᠋ᠠᠢ ᠨᠢᠲᠤᠯᠤᠭᠰᠠᠨ ᠬᠡᠮᠵᠢᠶ᠎ᠡ 70 ᠲᠦᠮᠡ ᠶᠢ ᠳᠠᠪᠠᠵᠤ᠂ ᠠᠯᠠᠰᠢᠨ ᠦᠬᠡᠷ ᠤᠨ ᠲᠤᠭ᠎ᠠ 34 ᠲᠦᠮᠡ ᠶᠢ ᠳᠠᠪᠠᠭᠰᠠᠨ ᠪᠥᠭᠡᠳ ︽ᠬᠤᠸᠠᠩ ᠱᠦᠢ ᠲᠢᠶᠠᠨ ᠮᠦ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠠᠮᠵᠢᠯᠲᠠ ᠲᠠᠢ ᠨᠡᠶᠢᠲᠡᠯᠡᠵᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠶᠢᠰᠯᠡᠯ ᠤᠨ ᠵᠠᠬ᠎ᠠ ᠳᠡᠯᠭᠡᠭᠦᠷ ᠢ ᠥᠷᠭᠡᠳᠬᠡᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号