ᠬᠤᠷᠴᠢᠨ ᠲᠣᠭᠤᠷᠢᠭ᠄ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠰᠢᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/3/11
      ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠷᠴᠢᠨ ᠲᠣᠭᠤᠷᠢᠭ ᠤᠨ ᠲᠠᠷᠢᠶᠠᠯᠠᠩ ᠤᠨ ᠮᠠᠰᠢᠨ ᠤ ᠲᠥᠪ ᠤᠨ ᠠᠵᠢᠯᠲᠠᠳ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠰᠢᠨ᠎ᠡ ᠮᠡᠷᠭᠡᠵᠢᠯ ᠰᠢᠨ᠎ᠡ ᠮᠠᠰᠢᠨ ᠪᠠᠭᠠᠵᠢ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠴᠤᠭᠯᠠᠭᠠᠨ ᠡᠷᠬᠢᠯᠡᠬᠦ ᠵᠡᠷᠭᠡ ᠬᠡᠯᠪᠡᠷᠢ ᠪᠠᠷ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠲᠠᠷᠢᠶᠠᠯᠠᠩ ᠤᠨ ᠮᠠᠰᠢᠨᠴᠢᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠠᠢ᠃ ᠡᠭᠦᠨ ᠤ ᠵᠡᠷᠭᠡᠪᠡᠷ᠂ ᠬᠥᠮᠥᠰ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠮᠠᠰᠢᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ᠂ ᠰᠡᠯᠪᠢᠨ ᠵᠠᠰᠠᠬᠤ ᠲᠣᠣᠷ ᠴᠡᠭ ᠪᠠ ᠲᠠᠷᠢᠶᠠᠯᠠᠩ ᠤᠨ ᠮᠠᠰᠢᠨ ᠤ ᠰᠡᠯᠪᠢᠭ ᠲᠤᠨᠤᠭ ᠤᠨ ᠳᠡᠯᠭᠡᠭᠦᠷ ᠲᠤ ᠣᠴᠢᠭᠤᠯᠵᠤ᠂ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠲᠠᠷᠢᠶᠠᠯᠠᠩ ᠤᠨ ᠮᠠᠰᠢᠨ ᠤ ᠬᠠᠭᠤᠷᠮᠠᠭ ᠮᠠᠭᠤ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号