ᠬᠤᠷᠴᠢᠨ ᠲᠣᠭᠤᠷᠢᠭ᠄ ᠬᠥᠬᠡ ᠣᠭᠲᠠᠷᠭᠤᠢ ᠶᠢ ᠬᠠᠮᠠᠭᠠᠯᠠᠬᠤ ᠲᠡᠶᠢᠨ ᠢ ᠰᠠᠶᠢᠲᠤᠷ ᠬᠢᠵᠦ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/3/12
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠬᠥᠬᠡ ᠣᠭᠲᠠᠷᠭᠤᠢ ᠶᠢ ᠬᠠᠮᠠᠭᠠᠯᠠᠬᠤ ᠲᠡᠶᠢᠨ ᠢ ᠰᠠᠶᠢᠲᠤᠷ ᠬᠢᠵᠦ ᠢᠯᠠᠯᠲᠠ ᠣᠯᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ 2023 ᠣᠨ ᠳᠤ᠂ ᠬᠤᠷᠴᠢᠨ ᠲᠣᠭᠤᠷᠢᠭ ᠤᠨ ᠬᠢᠨ ᠪᠣᠬᠢᠷᠲᠤᠯ ᠶᠡᠬᠡᠲᠡᠢ ᠰᠢᠲᠠᠭᠠᠯᠭ᠎ᠠ ᠶᠢ ᠴᠠᠭᠠᠵᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠦᠸᠧᠯᠦ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠬᠢᠨᠠᠨ ᠵᠥᠪᠰᠢᠶᠡᠷᠡᠯ ᠢ ᠴᠢᠩᠳᠠᠯᠠᠬᠤ ᠶᠢᠨ ᠬᠠᠮᠲᠤ 123 ᠰᠢᠲᠠᠮᠠᠬᠠᠢ ᠬᠡᠢ ᠲᠠᠢ ᠬᠤᠯᠪᠣᠭᠳᠠᠭᠰᠠᠨ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ︔ ᠲᠦᠩᠯᠢᠶᠣᠣ ᠶᠢᠨ ᠢᠯᠴᠢ ᠴᠠᠬᠢᠯᠭᠠᠨ ᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ᠂ ᠮᠣᠩᠭᠤᠯ  ᠸᠠᠩ ᠤᠨ ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠠᠶᠢᠭᠤᠯᠵᠤ ᠳᠠᠭᠤᠰᠬᠠᠪᠠ︔ ᠪᠠᠷᠢᠯᠭ᠎ᠠ ᠶᠢᠨ ᠠᠵᠢᠯ ᠤᠨ ᠭᠠᠵᠠᠷ ᠲᠤ ᠲᠣᠭᠤᠰᠣ ᠰᠢᠷᠣᠢ ᠶᠢ ᠰᠡᠷᠭᠡᠶᠢᠯᠡᠨ ᠵᠠᠰᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠪᠠᠷᠢᠯᠭ᠎ᠠ ᠪᠠᠷᠢᠬᠤ ᠶᠠᠪᠤᠴᠠ ᠶᠢᠨ ︽ᠵᠢᠷᠭᠤᠭᠠᠨ ᠵᠠᠭᠤᠨ ᠤ ᠵᠠᠭᠤ︾ ᠶᠢ ᠴᠢᠩᠭ᠎ᠠ ᠬᠡᠷᠡᠭᠵᠢᠭᠦᠯᠦᠨ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠪᠠᠷᠢᠮᠵᠢᠶᠠᠵᠢᠭᠤᠯᠤᠨ ᠦᠨᠡᠯᠡᠬᠦ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 92.4% ᠳᠤ ᠬᠦᠷᠦᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号