ᠬᠤᠷᠴᠢᠨ ᠲᠣᠭᠤᠷᠢᠭ᠄ ᠨᠡᠶᠢᠭᠡᠮ ᠤᠨ ᠠᠪᠤᠷᠠᠨ ᠲᠤᠰᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/3/13
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠠᠢ᠃ 2023 ᠣᠨ ᠳᠤ᠂ ᠬᠤᠷᠴᠢᠨ ᠲᠣᠭᠤᠷᠢᠭ ᠤᠨ ᠬᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯ ᠤᠨ ᠠᠪᠤᠷᠠᠨ ᠲᠤᠰᠠᠯᠠᠯᠲᠠ᠂ ᠵᠡᠮᠳᠡᠭᠴᠦᠳ ᠤᠨ ᠨᠥᠬᠦᠪᠦᠷᠢ ᠵᠡᠷᠭᠡ 1.95 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠠᠷᠬᠠᠭᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠥᠬᠦ ᠣᠷᠣᠨ ᠪᠦᠰᠡ ᠳᠤ ᠪᠦᠷᠬᠦᠭᠦᠯᠬᠦ ᠶᠢ ᠪᠡᠶᠡᠯᠡᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号