ᠵᠠᠰᠠᠭ ᠤᠨ ᠣᠷᠳᠣᠨ ᠤ ᠠᠵᠢᠯ ᠤᠨ ᠢᠯᠡᠳᠬᠡᠯ ︵2024  03︶
ᠨᠡᠶᠢᠲᠡᠯᠡᠭᠰᠡᠨ ᠴᠠᠭ᠄
2024/3/14
      -- 2024 ᠣᠨ ᠤ 3 ᠰᠠᠷ᠎ᠠ ᠶᠢᠨ 1 ᠤ ᠡᠳᠦᠷ ᠬᠤᠷᠴᠢᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ       ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ   ᠺᠠᠩ ᠰᠢᠶᠣᠣ ᠳ᠋ᠦᠩ ᠲᠥᠯᠥᠭᠡᠯᠡᠭᠴᠢᠳ ᠠ᠋᠄       ᠤᠳᠤ ᠪᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2023 ᠣᠨ ᠤ ᠠᠵᠢᠯ ᠤᠨ ᠡᠷᠭᠢᠴᠡᠭᠦᠯᠦᠯ       2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ  ᠶᠢ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ‍ ᠨᠢᠭᠡ ᠵᠢᠯ ᠪᠣᠯᠣᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠠᠷ ᠲᠣᠬᠢᠶᠠᠯ ᠪᠣᠯᠭᠠᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠠᠵᠢᠯ ᠦᠢᠯᠡᠰ ᠪᠡᠷᠬᠡ ᠶᠢ ᠰᠢᠪᠲᠤᠯᠤᠨ ᠪᠡᠷᠬᠡ ᠶᠢ ᠳᠠᠪᠠᠭ᠋ᠤ ᠳᠤᠮᠳᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠤᠷᠤᠭᠰᠢᠯᠠᠨ ᠳᠠᠪᠰᠢᠬᠤ ᠶᠢᠨ ᠳᠤᠮᠳᠠ ᠰᠠᠶᠢᠵᠢᠷᠠᠬᠤ ᠶᠢ ᠪᠡᠶᠡᠯᠡᠭᠦᠯᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 350.67 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.3% ᠪᠠᠷ ᠨᠡᠮᠡᠭᠳᠡᠨ᠂ 7 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 97.15 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠵᠢᠯ ᠳᠠᠷᠠᠭᠠᠯᠠᠨ 30% ᠠᠴᠠ ᠳᠡᠭᠡᠭᠰᠢ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 116.92 ᠳ᠋ᠦᠩᠰᠢᠭᠤᠷ ᠲᠥᠭᠦᠷᠢᠭ ᠲᠤ ᠬᠦᠷᠴᠦ᠂ 4.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠭᠤᠷᠪᠠᠨ ᠵᠢᠯ ᠳᠠᠷᠠᠭᠠᠯᠠᠨ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 10.92 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 20.3% ᠪᠠᠷ ᠨᠡᠮᠡᠭᠳᠡᠪᠡ᠃ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43708 ᠲᠥᠭᠦᠷᠢᠭ ᠲᠤ ᠬᠦᠷᠴᠦ᠂ 4.6% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27588 ᠲᠥᠭᠦᠷᠢᠭ ᠲᠤ ᠬᠦᠷᠴᠦ ᠂ 8.1% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠢ 17᠄ 22.6᠄ 60.4 ᠪᠣᠯᠭᠠᠨ ᠰᠢᠯᠢᠳᠡᠭᠵᠢᠭᠦᠯᠵᠦ᠂ ᠲᠥᠪ ᠬᠤᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠳᠠᠪᠠᠭᠤᠯᠢᠭ ᠨᠠᠩ ᠲᠣᠪᠣᠶᠢᠮ᠎ᠠ ᠪᠣᠯᠪᠠ᠃       ᠨᠢᠭᠡ ᠵᠢᠯ ᠤᠨ ᠲᠤᠷᠰᠢ᠂ ᠪᠢᠳᠡ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠲᠤᠳᠬᠠᠵᠤ᠂ ᠡᠨᠧᠷᠭᠢ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠤᠷᠤᠭᠰᠢᠯᠠᠪᠠ᠃ ᠲᠣᠮᠣ ᠲᠠᠷᠢᠶᠠᠯᠠᠩ ᠤᠨ ᠦᠵᠡᠯᠲᠡ᠂ ᠲᠣᠮᠣ ᠢᠳᠡᠭᠡᠨ ᠤ ᠵᠦᠢᠯ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ 96.9% ᠠᠴᠠ ᠳᠡᠭᠡᠭᠰᠢ ᠳᠤ ᠬᠦᠷᠭᠡᠵᠦ᠂ ᠠᠮᠤ ᠪᠤᠳᠠᠭᠠᠨ ᠤ ᠤᠨᠠᠯᠲᠠ ᠶᠢ 33 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ 15 ︽ᠵᠠᠭᠤᠨ ᠮᠦ ᠲᠠᠷᠢᠶ᠎ᠠ︾᠂ 20 ︽ᠮᠢᠩᠭᠠᠨ ᠮᠦ ᠳᠥᠷᠪᠡᠯᠵᠢᠨ ᠮᠧᠲᠷ︾᠂ 5 ︽ᠲᠦᠮᠡᠨ ᠮᠦ ᠬᠡᠰᠡᠭ︾ ᠤᠨ ᠡᠷᠳᠡᠨᠢ ᠰᠢᠰᠢ ᠶᠢ ᠨᠢᠭᠲᠠ ᠲᠠᠷᠢᠵᠦ ᠥᠨᠳᠥᠷ ᠤᠨᠠᠯᠲᠠ ᠲᠠᠢ ᠪᠣᠯᠭᠠᠬᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠪᠤᠢ ᠪᠣᠯᠭᠠᠵᠤ᠂ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ ᠲᠠᠢ ᠬᠠᠭᠤᠷᠠᠢ ᠬᠦᠨᠡᠰᠦ ᠶᠢ 1183.47 ᠺᠢᠯᠣᠭ᠍ᠷᠠᠮ ᠳᠤ ᠬᠦᠷᠭᠡᠵᠦ᠂ ᠵᠡᠭᠦᠨ ᠬᠤᠶᠢᠲᠤ ᠣᠷᠣᠨ ᠤ ᠲᠦᠮᠡᠨ ᠮᠦ ᠶᠡᠭᠡ ᠲᠠᠯᠠᠪᠠᠢ ᠲᠠᠢ ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠲᠠᠬᠢᠨ ᠡᠭᠦᠳᠪᠡ᠃ ᠪᠡᠯᠡᠳᠭᠡᠮᠵᠢᠳᠤ ᠲᠠᠷᠢᠶᠠᠯᠠᠩ ᠢ 3060 ᠮᠦ ᠰᠢᠨ᠎ᠡ ᠪᠠᠷ ᠨᠡᠮᠡᠭᠳᠡᠭᠦᠯᠵᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢ 10 ᠲᠦᠮᠡᠨ ᠮᠦ ᠠᠴᠠ ᠳᠠᠪᠠᠭᠤᠯᠤᠨ᠂ ᠭᠤᠣᠯ ᠬᠤᠲᠠ ᠶᠢᠨ ᠲᠣᠭᠤᠷᠢᠭ ᠤᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠯᠴᠠᠨ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠣᠶ ᠶᠢᠨ ᠲᠠᠯᠠᠪᠠᠶ ᠶᠢ 22 ᠲᠦᠮᠡᠨ ᠮᠦ ᠪᠣᠯᠲᠠᠯ᠎ᠠ ᠨᠡᠮᠡᠭᠳᠡᠭᠦᠯᠦᠨ᠂ ᠣᠶ ᠵᠢᠮᠢᠰ ᠤᠨ ᠭᠠᠷᠤᠯᠲᠠ ᠠᠩᠬ᠎ᠠ ᠤᠳᠠᠭ᠎ᠠ ᠳ᠋ᠦᠩᠰᠢᠭᠤᠷ ᠵᠢᠩ ᠢ ᠳᠠᠪᠠᠵᠤ᠂ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ 2 ᠳ᠋ᠦᠩᠰᠢᠭᠤᠷ ᠲᠥᠭᠦᠷᠢᠭ ᠢ ᠳᠠᠪᠠᠵᠤ᠂ ︽ᠪᠣᠬᠢᠷᠲᠤᠯ ᠦᠭᠡᠢ ᠬᠠᠳᠠᠭᠠᠯᠠᠯᠲᠠ ᠶᠢᠨ ᠬᠡᠮᠵᠢᠶ᠎ᠡ︾ ᠨᠢ ︽ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ︾ ᠶᠢ ᠲᠠᠰᠤᠷᠠᠯᠲᠠ ᠦᠭᠡᠢ ᠭᠠᠷᠭᠠᠪᠠ᠃ 6600 ᠲᠦᠮᠡᠨ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠠᠯᠠᠩ ᠪᠠᠯᠭᠠᠰᠤ ᠶᠢᠨ ᠲᠦᠮᠡᠨ ᠲᠣᠯᠣᠭᠠᠢ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠠᠵᠤ ᠦᠢᠯᠡᠰ ᠤᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠠᠯᠠᠰᠢᠨ ᠦᠬᠡᠷ ᠤᠨ ᠲᠤᠭ᠎ᠠ 34 ᠲᠦᠮᠡ ᠶᠢ ᠳᠠᠪᠠᠪᠠ᠃ ᠬᠤᠲᠠ ᠶᠢᠨ ᠵᠡᠭᠦᠨ ᠬᠡᠰᠡᠭ ᠤᠨ ᠦᠬᠡᠷ ᠤᠨ ᠳᠠᠭᠠᠯᠲᠠ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠵᠤ᠂ ᠬᠤᠲᠠ ᠶᠢᠨ ᠪᠠᠷᠠᠭᠤᠨ ᠬᠡᠰᠡᠭ ᠤᠨ ᠦᠬᠡᠷ ᠤᠨ ᠮᠢᠬᠠᠨ ᠤ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠪᠠ ᠣᠶᠤᠨᠴᠢᠯᠠᠭᠰᠠᠨ ᠬᠦᠢᠲᠡᠨ ᠬᠥᠮᠥᠷᠭᠡ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠠᠯᠠᠰᠢᠨ ᠦᠬᠡᠷ ᠤᠨ ᠠᠵᠤ ᠦᠢᠯᠡᠰ ᠢ ᠪᠦᠯᠦᠭᠵᠢᠭᠰᠡᠨ᠂ ᠬᠡᠯᠬᠢᠶᠡᠵᠢᠭᠰᠡᠨ ᠮᠠᠶ᠋ᠢᠭ ᠤᠨ ᠬᠥᠭᠵᠢᠯᠲᠡ ᠳᠠᠰᠢ ᠤᠷᠤᠭᠰᠢᠯᠠᠭᠤᠯᠤᠨ᠎ᠠ᠃ ︽ᠬᠤᠸᠠᠩ ᠱᠦᠢ ᠲᠢᠶᠠᠨ ᠮᠦ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠡᠭᠡᠵᠢᠩ ᠳᠤ ᠨᠡᠶᠢᠲᠡᠯᠡᠵᠦ᠂ ᠬᠤᠷᠴᠢᠨ ᠤ ᠴᠢᠴᠠᠷᠭᠠᠨ᠎ᠠ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ᠃ ᠮᠣᠩᠭᠤᠯ ᠸᠠᠩ ᠠᠵᠤ ᠦᠢᠯᠡᠰ ᠤᠨ ᠬᠢᠨ ᠤᠯᠤᠰ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠪᠠᠷ ᠰᠢᠯᠭᠠᠷᠠᠭᠤᠯᠵᠤ᠂ ᠤᠯᠤᠰ ᠤᠨ ᠲᠠᠰ ᠤᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ 6 ᠪᠣᠯᠵᠤ ᠨᠡᠮᠡᠭᠳᠡᠨ᠂ ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ 34 ᠪᠣᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃       ᠨᠢᠭᠡ ᠵᠢᠯ ᠤᠨ ᠲᠤᠷᠰᠢ᠂ ᠪᠢᠳᠠ ᠬᠡᠯᠬᠢᠶ᠎ᠡ ᠶᠢ ᠤᠷᠲᠤᠳᠬᠠᠨ ᠪᠦᠯᠦᠭᠯᠡᠯ ᠢ ᠪᠠᠶᠢᠭᠤᠯᠵᠤ᠂ ᠬᠦᠴᠦᠨ ᠢ ᠨᠡᠮᠡᠭᠳᠡᠭᠦᠯᠦᠨ ᠴᠢᠳᠠᠪᠤᠷᠢ ᠶᠢ ᠣᠯᠭᠤᠬᠤ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠪᠦᠯᠦᠭᠵᠢᠯ ᠢ ᠲᠦᠷᠭᠡᠨ ᠬᠥᠭᠵᠢᠭᠦᠯᠪᠡ᠃ ᠷᠦᠢ ᠰᠢᠶᠠᠩ ᠤᠨ ᠬᠦᠨᠳᠦ ᠠᠵᠤ ᠦᠢᠯᠡᠳᠪᠦᠷᠢ᠂ ᠳᠤᠮᠳᠠᠳᠤ ᠤᠯᠤᠰ ᠤᠨ ᠣᠩᠭᠤᠴᠠ ᠰᠠᠯ ᠲᠡᠯᠡᠶ ᠶᠢᠨ ᠲᠣᠨᠣᠭᠯᠠᠯ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 5 ᠠᠵᠤ ᠠᠬᠤᠶᠢᠯᠠᠯ ᠢ ᠠᠮᠵᠢᠯᠲᠠ ᠲᠠᠢ ᠪᠠᠷ ᠪᠣᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.6% ᠨᠡᠮᠡᠭᠳᠡᠪᠡ᠃ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠣ︶ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠡᠷᠴᠢᠮᠵᠢᠭᠦᠯᠦᠨ ᠲᠥᠪᠯᠡᠷᠡᠬᠦ ᠪᠠᠶᠢᠳᠠᠯ ᠢᠯᠡᠷᠬᠡᠢ ᠪᠠᠶᠢᠵᠤ᠂ ᠷᠦᠢ ᠰᠢᠶᠠᠩ ᠰᠤᠪᠤᠷᠭ᠎ᠠ ᠶᠢᠨ ᠬᠤᠩᠭᠢᠶ᠎ᠠ᠂ ᠱᠤᠸᠠᠩ ᠷᠦᠢ ᠶᠧ᠂ ᠶᠢᠨ ᠹᠧᠩ ᠭᠤᠣᠯ ᠮᠠᠰᠢᠨ ᠵᠡᠷᠭᠡ ᠦᠢᠯᠡᠳᠬᠦᠨ ᠢ ᠠᠮᠵᠢᠯᠲᠠ ᠲᠠᠢ ᠪᠠᠷ ᠰᠦᠯᠵᠢᠶᠡᠨ ᠠᠴᠠ ᠪᠠᠭᠤᠯᠭᠠᠵᠤ᠂ ᠹᠠᠩ ᠵᠧᠦ ᠶᠢᠨ ᠴᠠᠭᠠᠷᠢᠭ ᠬᠦᠴᠢᠯᠲᠥ᠋ᠷᠥᠭᠴᠢᠲᠦ ᠳᠠᠪᠠᠷᠬᠠᠢ ᠵᠡᠷᠭᠡ ︽ᠭᠢᠨᠵᠢ ᠳᠡᠭᠡᠷᠡᠬᠢ︾ ᠲᠥᠷᠥᠯ ᠵᠦᠢᠯ ᠢ ᠡᠵᠡᠩᠨᠡᠯᠲᠡ ᠳᠤ ᠣᠷᠣᠭᠤᠯᠪᠠ᠃ ᠪᠡᠭᠡᠵᠢᠩ ᠠᠶᠢᠮᠠᠭ ᠤᠨ ᠷᠦᠨ ᠯᠦᠩ ᠤᠨ 5 ᠲᠦᠮᠡᠨ ᠺᠢᠯᠣᠸᠠᠲ ᠤᠨ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 138 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠵᠦᠢᠯᠡᠰ ᠤᠨ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ ᠠᠵᠢᠯ ᠵᠢᠷᠭᠤᠭᠠᠨ ᠬᠤᠪᠢ ᠶᠢ ᠳᠠᠪᠠᠵᠤ᠂  ᠶᠢᠨ ᠴᠢ ᠯᠢᠨ ᠤ ᠨᠡᠮᠡᠭᠳᠡᠯ ᠴᠠᠬᠢᠯᠭᠠᠨ ᠲᠦᠭᠡᠭᠡᠬᠦ ᠥᠭᠡᠷᠡᠴᠢᠯᠡᠯᠲᠡ ᠶᠢᠨ ᠲᠤᠷᠰᠢᠯᠲᠠ᠂ ᠪᠥᠬᠦ ᠰᠢᠶᠠᠨ ᠤ ᠭᠡᠷ ᠤᠨ ᠣᠷᠣᠢ ᠶᠢᠨ ᠬᠡᠷᠡᠯ ᠸᠣᠯᠲ ᠵᠡᠷᠭᠡ ᠰᠢᠨ᠎ᠡ ᠡᠨᠧᠷᠭᠢ ᠶᠢᠨ ᠵᠦᠢᠯᠡᠰ ᠢ ᠵᠡᠷᠭᠡ ᠪᠠᠷ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠢ ᠦᠢᠯᠡᠳᠬᠦ ᠪᠥᠬᠦ ᠠᠵᠤ ᠦᠢᠯᠡᠰ ᠤᠨ ᠬᠡᠯᠬᠢᠶᠡᠨ ᠤ ᠪᠠᠶᠢᠷᠢᠰᠢᠯ ᠢ ᠲᠦᠷᠭᠡᠪᠴᠢᠯᠡᠨ ᠪᠣᠶ ᠪᠣᠯᠭᠠᠪᠠ᠃ ᠲᠡᠷᠢᠭᠦᠯᠡᠭᠴᠢ ᠴᠡᠴᠡᠭ ᠤᠨ ᠠᠮᠢᠳᠤ ᠪᠣᠳᠠᠰ ᠤᠨ ︽ᠬᠡᠯᠬᠢᠶᠡᠨ ᠤ ᠡᠵᠡᠨ︾ ᠤ ᠬᠥᠲᠥᠯᠥᠨ ᠳᠠᠭᠠᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠰᠦᠯᠦ ᠰᠢᠪᠲᠦᠷᠲᠦ ᠬᠦᠴᠢᠯ᠂ ᠨᠡᠶᠢᠯᠡᠯᠭᠡ ᠰᠢᠪᠲᠦᠷ ᠵᠡᠷᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠦᠢᠯᠡᠳᠪᠦᠷᠢᠯᠡᠯ ᠢᠶᠠᠨ ᠥᠷᠭᠡᠳᠬᠡᠬᠦ ᠲᠥᠷᠥᠯ ᠵᠦᠢᠯ ᠢ ᠪᠠᠶᠢᠭᠤᠯᠤᠨ ᠪᠦᠲᠦᠭᠡᠭᠡᠳ ᠦᠷ᠎ᠡ ᠪᠦᠲᠦᠮᠵᠢ ᠣᠯᠵᠤ᠂ ᠰᠦᠯᠦ ᠰᠢᠪᠲᠦᠷᠲᠦ ᠬᠦᠴᠢᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠯᠡᠬᠡᠢ ᠶᠢᠨ ᠲᠡᠷᠢᠭᠦᠨ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠥᠬᠦ ᠳᠡᠯᠡᠬᠡᠢ ᠶᠢᠨ ᠵᠠᠬ᠎ᠠ ᠳᠡᠯᠭᠡᠭᠦᠷ ᠤᠨ 40% ᠠᠴᠠ ᠳᠡᠭᠡᠭᠰᠢᠬᠢ ᠶᠢ ᠡᠵᠡᠯᠡᠨ᠂ ᠪᠣᠬᠢᠷᠲᠤᠯ ᠦᠭᠡᠢ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠬᠡᠯᠪᠡᠷᠢᠵᠢᠨ ᠪᠦᠷᠢᠯᠳᠦᠬᠦ ᠶᠢ ᠠᠬᠢᠭᠤᠯᠤᠨ᠎ᠠ᠃ ᠰᠢᠶᠣᠣ ᠶᠢᠨ ᠮᠠᠰᠢᠨ ᠲᠡᠷᠭᠡᠨ ᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠦᠢᠯᠡᠳᠬᠦᠨ ᠢ ᠰᠦᠯᠵᠢᠶᠡᠨ ᠠᠴᠠ ᠪᠠᠭᠤᠯᠭᠠᠬᠤ ᠶᠢ ᠪᠡᠶᠡᠯᠡᠭᠦᠯᠵᠦ᠂ ᠪᠣᠬᠢᠷᠲᠤᠯ ᠦᠭᠡᠢ ᠴᠠᠬᠢᠯᠭᠠᠨ ᠤ ᠵᠢᠱᠢᠶᠡᠴᠢ ᠬᠢᠮᠢ ᠶᠢᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠡᠬᠢ ᠪᠠᠶᠠᠯᠢᠭ ᠢ ᠲᠦᠷᠭᠡᠨ ᠨᠡᠶᠢᠳᠬᠡᠵᠦ᠂ ᠪᠣᠬᠢᠷᠲᠤᠯ ᠦᠭᠡᠢ ᠴᠠᠬᠢᠯᠭᠠᠨ ᠦᠢᠯᠡᠳᠬᠦ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠢ ᠠᠩᠬ᠎ᠠ ᠠᠯᠬᠤᠮ ᠬᠡᠪᠴᠢᠶ᠎ᠡ ᠲᠠᠢ ᠪᠣᠯᠭᠠᠪᠠ᠃ ᠠᠯᠲᠠᠨ ᠬᠠᠷᠠᠩᠭ᠎ᠠ ᠶᠢᠨ ᠢᠳᠡᠭᠡᠨ ᠤ ᠵᠦᠢᠯ ᠤᠨ ᠪᠠᠶᠢᠯᠳᠤᠬᠤ ᠪᠣᠳᠣᠯᠭ᠎ᠠ ᠶᠢᠨ ᠲᠥᠪ ᠢ ᠲᠦᠩᠯᠢᠶᠣᠣ ᠶᠢᠨ ᠰᠠᠭᠤᠷᠢᠨ ᠭᠠᠵᠠᠷ ᠲᠤ ᠰᠢᠯᠵᠢᠭᠦᠯᠵᠦ᠂ ᠭᠠᠭ᠋ᠠᠢ ᠨᠢᠲᠤᠯᠬᠤ ᠬᠡᠮᠵᠢᠶ᠎ᠡ 70 ᠲᠦᠮᠡ ᠶᠢ ᠳᠠᠪᠠᠵᠤ᠂ 50%  ᠠᠴᠠ ᠳᠡᠭᠡᠭᠰᠢ ᠨᠡᠮᠡᠭᠳᠡᠪᠡ᠃ ᠣᠶᠤᠨᠲᠤ ᠬᠦᠷᠢᠶᠡᠯᠡᠩ ᠲᠣᠭᠤᠷᠢᠭ᠂ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠾᠦᠥᠸ᠋ ᠮᠧᠶ ᠶᠡᠭᠡ ᠵᠡᠭᠡᠯᠢ ᠶᠢᠨ ᠵᠠᠮ ᠤᠨ ᠲᠣᠣᠷ ᠤᠨ ᠢᠨᠵᠧᠨᠧᠷᠢᠩ ᠤᠨ ᠲᠡᠷᠭᠡ ᠨᠡᠪᠲᠡᠷᠡᠬᠦ ᠨᠥᠬᠦᠴᠡᠯ ᠢ ᠪᠦᠷᠢᠳᠦᠭᠦᠯᠵᠦ᠂ 20 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠪᠠ᠃ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠪᠠᠷ ᠬᠦᠴᠦᠯᠡᠨ ᠴᠢᠷᠮᠠᠶᠢᠵᠤ᠂ ᠵᠢᠦ ᠯᠦᠩ ᠬᠢᠮᠢ ᠶᠢᠨ ᠠᠵᠤ ᠦᠢᠯᠡᠳᠪᠦᠷᠢ ᠵᠡᠷᠭᠡ ᠰᠤᠯᠠ ᠪᠠᠶᠢᠭ᠎ᠠ ᠡᠬᠢ ᠪᠠᠶᠠᠯᠢᠭ ᠢ ᠴᠡᠪᠡᠷᠯᠡᠨ ᠪᠦᠷᠢᠳᠬᠡᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠲᠡᠭᠦᠯᠳᠡᠷᠵᠢᠭᠦᠯᠦᠨ ᠲᠣᠭᠲᠠᠭᠤᠨ ᠪᠠᠶᠢᠯᠭᠠᠵᠤ᠂ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠪᠠ᠃       ᠨᠢᠭᠡ ᠵᠢᠯ ᠤᠨ ᠲᠤᠷᠰᠢ᠂ ᠪᠢᠳᠡ ᠳᠠᠪᠲᠠᠭᠳᠠᠨ ᠳᠤᠲᠠᠭᠳᠠᠯ ᠢᠶᠠᠨ ᠨᠥᠬᠦᠪᠦᠷᠢᠯᠡᠬᠦ ᠶᠢ ᠪᠠᠷᠢᠮᠲᠠᠯᠠᠵᠤ᠂ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠴᠦᠨ ᠢ ᠬᠤᠷᠠᠮᠳᠤᠭᠤᠯᠤᠨ ᠰᠠᠶᠢᠵᠢᠷᠠᠭᠤᠯᠪᠠ᠃ ᠬᠡᠷᠡᠭᠯᠡᠭᠡᠨ ᠤ ᠠᠴᠢᠶᠠᠯᠠᠪᠤᠷᠢ ᠶᠢ ᠰᠢᠯᠢᠳᠡᠭ ᠢ ᠪᠣᠶᠢᠵᠢᠭᠤᠯᠤᠨ ᠬᠦᠴᠦᠷᠬᠡᠭᠵᠢᠭᠦᠯᠵᠦ᠂ ᠪᠦᠬᠦ ᠵᠢᠯ ᠳᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠶᠢᠨ ᠬᠤᠭᠤᠯᠠᠨ ᠤ ᠠᠵᠤ ᠠᠬᠤᠶᠢᠯᠠᠯ ᠢ 10 ᠰᠢᠨ᠎ᠡ ᠪᠠᠷ ᠨᠡᠮᠡᠭᠳᠡᠭᠦᠯᠪᠡ᠃ ᠬᠤᠩ ᠰᠢᠩ ᠰᠢᠨ᠎ᠡ ᠬᠤᠳᠠ᠂ ᠱᠦᠢ ᠠᠨ ᠴᠦᠨ ᠴᠧᠩ ᠵᠡᠷᠭᠡ 5 ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠠᠶᠢᠷᠢᠰᠢᠯ ᠪᠠ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠯᠤᠰ ᠤᠨ ᠲᠡᠰ ᠤᠨ ᠨᠢᠭᠡ ᠮᠥᠴᠡ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠲᠤᠷᠰᠢᠯᠲᠠ ᠶᠢᠨ ᠭᠠᠵᠠᠷ ᠣᠷᠣᠨ ᠳᠤ ᠠᠮᠵᠢᠯᠲᠠ ᠲᠠᠢ ᠪᠠᠷ ᠰᠣᠩᠭᠤᠭᠳᠠᠪᠠ᠃ ᠸᠠᠨ  ᠱᠢ  ᠳ᠋ᠠ  ᠵᠢᠢ  ᠶᠡᠭᠡ ᠴᠤᠭᠯᠠᠭ᠎ᠠ᠂  ᠰᠢᠩ  ᠶᠧ ᠴᠤᠭᠯᠠᠭ᠎ᠠ ᠮᠠᠶᠢᠮᠠᠢ ᠵᠡᠷᠭᠡ ᠰᠥᠨᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠬᠥᠭᠵᠢᠶᠡᠨ ᠲᠠᠢ ᠨᠡᠭᠡᠭᠡᠭᠳᠡᠵᠦ᠂ ᠸᠠᠨ ᠳ᠋ᠠ᠂ ᠳ᠋ᠠ ᠷᠦᠨ ᠹᠠ᠂ ᠶᠢᠨ ᠶᠧ ᠵᠡᠷᠭᠡ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰ ᠳᠠᠪᠰᠢᠵᠤ᠂ ᠬᠡᠷᠡᠭᠯᠡᠭᠡᠨ ᠤ ᠪᠠᠶᠢᠳᠠᠯ ᠪᠠ ᠥᠩᠭᠡᠷᠡᠭᠡᠯᠲᠡ ᠨᠢ ᠬᠠᠭᠤᠴᠢᠨ ᠢ ᠤᠷᠬᠢᠵᠤ ᠰᠢᠨ᠎ᠡ ᠶᠢ ᠡᠭᠦᠳᠪᠡ᠃ ︽ᠠᠮᠢᠵᠢᠷᠠᠯ ᠤᠨ ᠬᠦᠴᠦᠨ ᠪᠦᠬᠦᠢ ᠲᠦᠩᠯᠢᠶᠣᠣ · ᠴᠡᠩᠭᠡᠯᠲᠦ ᠬᠡᠷᠡᠭᠯᠡᠭᠡ︾ ᠵᠡᠷᠭᠡ ᠬᠡᠷᠡᠭᠯᠡᠭᠡ ᠶᠢ ᠠᠬᠢᠭᠤᠯᠬᠤ ᠵᠠᠭᠤ ᠭᠠᠷᠤᠢ ᠤᠳᠠᠭᠠᠨ ᠤ ᠠᠵᠢᠯᠯᠠᠭ᠎ᠠ ᠪᠥᠬᠦ ᠵᠢᠯ ᠳᠤ ᠲᠤᠤᠱᠯᠠᠭᠳᠠᠵᠤ᠂ 40 ᠭᠠᠷᠤᠢ ᠲᠦᠮᠡᠨ ᠬᠡᠷᠡᠭᠯᠡᠭᠡᠨ ᠤ ᠲᠤᠯᠭᠠᠨ ᠬᠡᠷᠡᠭᠯᠡᠬᠦ ᠲᠡᠮᠳᠡᠭᠲᠦ ᠶᠢ ᠪᠥᠬᠦ ᠲᠠᠯ᠎ᠠ ᠪᠠᠷ ᠲᠠᠷᠬᠠᠭᠠᠵᠤ᠂ ᠬᠡᠷᠡᠭᠯᠡᠭᠡ ᠶᠢ 4 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠭᠤᠳ ᠳᠠᠶᠢᠴᠢᠯᠠᠪᠠ᠃ ᠶᠤᠸᠠᠨ ᠶᠧ ᠴᠦᠨ ᠰᠠᠭᠠᠭ᠂ ᠾᠧ ᠽᠦ ᠲᠠᠷᠢᠶᠠᠯᠠᠩ ᠵᠡᠷᠭᠡ 13 ᠠᠵᠤ ᠠᠬᠤᠶᠢᠯᠠᠯ ᠡᠯᠧᠺᠲᠷᠣᠨ ᠬᠤᠳᠠᠯᠳᠤᠭ᠎ᠠ ᠪᠠᠷ ᠪᠠᠷᠠᠭ᠎ᠠ ᠠᠪᠴᠤ ᠶᠠᠪᠤᠬᠤ ᠠᠵᠢᠯ ᠢ ᠡᠬᠢᠯᠡᠭᠦᠯᠵᠦ᠂ ᠲᠠᠷᠢᠶᠠᠯᠠᠩ ᠤᠨ ᠣᠨᠴᠠ ᠭᠠᠷᠤᠯᠲᠠ ᠶᠢ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠪᠡ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠠᠮᠵᠢᠯᠲᠠ ᠲᠠᠢ ᠪᠠᠷ ᠠᠮᠵᠢᠯᠲᠠ ᠣᠯᠵᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠵᠢᠩᠬᠢᠨᠢ ᠪᠠᠷ ᠪᠣᠭᠤᠮᠲᠠ ᠶᠢ ᠪᠢᠲᠡᠭᠦᠮᠵᠢᠯᠡᠨ ᠠᠰᠢᠭᠯᠠᠯᠲᠠ ᠳᠤ ᠣᠷᠣᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ ᠵᠢᠩ ᠶᠢᠩ ᠤᠨ ᠡᠳ᠋ ᠪᠠᠷᠠᠭᠠᠨ ᠤ ᠭᠦᠢᠯᠭᠡᠭᠡᠨ ᠤ ᠣᠶᠤᠨᠴᠢ ᠢᠯᠭᠠᠯᠲᠠ ᠶᠢᠨ ᠲᠥᠪ ᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠲᠦᠷᠭᠡᠨ ᠬᠦᠷᠭᠡᠯᠲᠡ ᠶᠢᠨ ᠡᠳᠦᠷ ᠤᠨ ᠬᠠᠮᠤᠭ ᠥᠨᠳᠥᠷ ᠲᠡᠭᠡᠨ 60 ᠲᠦᠮᠡᠨ ᠬᠤᠪᠢ ᠶᠢ ᠳᠠᠪᠠᠪᠠ᠃ ᠮᠣᠷᠢᠨ ᠰᠦᠮ᠎ᠡ ᠶᠢᠨ ᠬᠤᠪᠢ ᠶᠢᠨ ᠮᠠᠰᠢᠨ ᠲᠡᠷᠭᠡ ᠪᠠᠷ ᠬᠡᠭᠡᠷ᠎ᠡ ᠪᠠᠭᠤᠳᠠᠯᠯᠠᠬᠤ ᠭᠠᠵᠠᠷ ᠲᠤ ᠤᠯᠤᠰ ᠤᠨ 3C ᠳᠡᠰ ᠤᠨ ᠬᠤᠪᠢ ᠶᠢᠨ ᠮᠠᠰᠢᠨ ᠲᠡᠷᠭᠡ ᠪᠠᠷ ᠵᠤᠭᠠᠴᠠᠨ ᠪᠠᠭᠤᠳᠠᠯᠯᠠᠬᠤ ᠭᠠᠵᠠᠷ ᠢᠶᠠᠷ ᠦᠨᠡᠯᠡᠭᠳᠡᠵᠦ᠂ ᠶᠢᠨ ᠾᠧ ᠸᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ︽ᠰᠤᠳᠤᠯᠤᠨ ᠰᠤᠷᠤᠯᠴᠠᠬᠤ ᠵᠤᠭᠠᠴᠠᠯ + ᠲᠠᠷᠢᠶᠠᠯᠠᠩ ᠤᠨ ᠬᠥᠭᠵᠢᠯᠲᠡ︾ ᠶᠢᠨ ᠰᠢᠨ᠎ᠡ ᠵᠠᠭᠪᠤᠷ ᠢ ᠡᠬᠢᠯᠡᠭᠦᠯᠵᠦ᠂ ᠰᠢᠷᠳᠦᠨ ᠬᠤᠸᠠᠨ ᠫᠣᠩ ᠪᠠᠭᠤᠳᠠᠯ ᠠᠰᠢᠭᠯᠠᠯᠲᠠ ᠳᠤ ᠣᠷᠣᠵᠤ᠂ ᠬᠤᠷᠴᠢᠨ ᠵᠦᠴᠦᠭᠡ ᠶᠢᠨ ᠬᠦᠷᠢᠶᠡᠯᠡᠩ ᠰᠢᠨ᠎ᠡ ᠪᠠᠷ ᠬᠥᠭᠵᠢᠵᠦ᠂ ᠰᠣᠶᠣᠯ ᠵᠤᠭᠠᠴᠠᠯ ᠤᠨ ᠠᠵᠤ ᠦᠢᠯᠡᠰ ᠲᠦᠷᠭᠡᠨ ᠢᠶᠠᠷ ᠳᠡᠰ ᠳᠡᠪᠰᠢᠪᠡ᠃ ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠠᠷᠢᠮᠲᠠᠯᠠᠵᠤ᠂ ᠨᠣᠭᠤᠭᠠᠨ ᠥᠩᠭᠡ ᠶᠢ ᠬᠥᠭᠡᠭᠡᠴᠡᠯᠳᠦᠵᠦ᠂ ᠠᠮᠢ ᠠᠬᠤᠢ ᠶᠢᠨ ᠰᠠᠭᠤᠷᠢ ᠥᠩᠭᠡ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠪᠠ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠵᠦᠢ ᠵᠣᠬᠢᠰᠲᠠᠢ ᠠᠰᠢᠭᠯᠠᠬᠤ ᠶᠢ ᠠᠬᠢᠭᠤᠯᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ ᠠᠳᠠᠯᠢ ᠬᠤᠭᠤᠴᠠᠭᠠᠨ ᠤ ᠬᠢ ᠠᠴᠠ 13% ᠪᠠᠷ ᠪᠠᠭᠤᠷᠠᠭᠤᠯᠵᠤ᠂ ᠣᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠠᠮᠢ ᠠᠬᠤᠢ ᠶᠢᠨ ᠲᠠᠯᠠᠪᠠᠶ ᠶᠢ ᠨᠡᠶᠢᠲᠡ 23.7 ᠲᠦᠮᠡᠨ ᠮᠦ ᠵᠠᠰᠠᠨ ᠰᠡᠷᠭᠦᠭᠡᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠨ ᠭᠠᠵᠠᠷ ᠢ 20 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠳᠠᠯᠢᠨ ᠪᠠᠯᠭᠠᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ 18 ᠲᠦᠮᠡᠨ ᠮᠦ ᠤᠷᠢᠳᠠᠪᠠᠷ ᠪᠠᠶᠢᠭᠤᠯᠵᠤ᠂ ᠣᠷᠣᠨ ᠤ ᠤᠢ ᠰᠢᠭᠤᠢ ᠶᠢᠨ ᠠᠵᠢᠯ ᠤᠨ ᠦᠷᠳᠡᠭᠡ ᠳᠤ ︽ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ︾ ᠶᠢᠨ ᠴᠣᠯᠠ ᠣᠯᠭᠤᠪᠠ᠃ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠷᠤᠮᠵᠢᠭᠤᠯᠤᠨ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤᠨ ᠤ ᠦᠢᠯᠡᠳᠪᠦᠷᠢ ᠶᠢᠨ ᠪᠤᠴᠠᠯᠲᠠ ᠶᠢᠨ ᠬᠥᠭᠡᠷᠭᠡ ᠶᠢᠨ ᠥᠷᠲᠡᠭᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ ᠂ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 92.4% ᠳᠤ ᠬᠦᠷᠦᠭᠦᠯᠵᠦ᠂ ᠠᠶᠤᠯᠲᠠᠢ ᠬᠠᠶᠠᠭᠳᠠᠮᠠᠯ ᠪᠣᠳᠠᠰ ᠢ ᠠᠮᠤᠷ ᠲᠦᠪᠰᠢᠨ ᠢᠶᠠᠷ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠵᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠡᠵᠡᠮᠳᠡᠵᠦ ᠪᠣᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠠᠬᠢᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠬᠠᠤᠯᠢ  ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠬᠠᠤᠯᠢ  ᠠᠴᠠ ᠵᠥᠷᠢᠴᠡᠭᠰᠡᠨ ᠵᠢᠷᠤᠭ ᠢ ᠲᠤᠶᠢᠯ  ᠳᠤᠨᠢ ᠲᠤᠯᠲᠠᠯ᠎ᠠ ᠴᠡᠪᠡᠷᠯᠡᠪᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠦᠵᠡᠰᠬᠦᠯᠡᠩᠲᠦ ᠰᠠᠶᠢᠬᠠᠨ ᠬᠤᠷᠴᠢᠨ ᠤ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃       ᠨᠢᠭᠡ ᠵᠢᠯ ᠤᠨ ᠲᠤᠷᠰᠢ᠂ ᠪᠢᠳᠠ ᠪᠠᠶᠢᠭᠤᠯᠬᠤ ᠪᠠ ᠵᠠᠰᠠᠬᠤ ᠶᠢ ᠵᠡᠷᠭᠡᠪᠡᠷ ᠠᠳᠬᠤᠬᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠶᠢᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠾᠦᠢ ᠲᠦᠩ ᠣᠯᠠᠨ ᠤᠯᠤᠰ᠂ ᠬᠤᠲᠠ ᠶᠢᠨ ᠣᠳᠣᠨ ᠬᠤᠶᠠᠳᠤᠭᠠᠷ ᠬᠤᠭᠤᠴᠠᠭ᠎ᠠ ᠶᠢ ᠪᠦᠬᠦᠨ ᠢ ᠪᠤᠴᠠᠭᠠᠨ ᠨᠡᠭᠦᠯᠭᠡᠬᠦ ᠶᠢ ᠪᠡᠶᠡᠯᠡᠭᠦᠯᠵᠦ᠂ ᠾᠧ ᠽᠧ ᠵᠣᠯ ᠵᠢᠷᠭᠠᠯᠲᠤ ᠭᠡᠷ ᠪᠦᠯᠢ᠂ ᠡᠷᠡᠨ ᠵᠠᠭᠤᠨ ᠤ ᠬᠡᠷᠡᠯᠳᠦ ᠰᠤᠪᠤᠳ ᠢ ᠣᠨᠳᠣᠣ ᠭᠠᠵᠠᠷ ᠲᠤ ᠲᠥᠪᠬᠢᠨᠡᠭᠦᠯᠬᠦ ᠶᠢ ᠪᠡᠶᠡᠯᠡᠭᠦᠯᠵᠦ᠂ ᠣᠯᠠᠨ ᠵᠢᠯ ᠵᠣᠭᠰᠣᠩᠭᠢᠷᠠᠭᠰᠠᠨ ᠰᠢᠨ ᠬᠠᠢ ᠣᠯᠠᠨ ᠤᠯᠤᠰ ᠤᠨ ᠠᠵᠢᠯ ᠢ ᠡᠬᠢᠯᠡᠭᠦᠯᠦᠨ᠂ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨ᠎ᠡ ᠠᠭᠤᠳᠠᠮ ᠲᠠᠯᠠᠪᠠᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠾᠧ ᠷᠦᠨ ᠶᠤᠸᠠᠨ᠂ ᠲᠤᠤ ᠬᠤᠸᠠ ᠶᠤᠸᠠᠨ ᠵᠡᠷᠭᠡ ᠴᠢᠨᠠᠷ ᠰᠠᠶᠢᠲᠠᠢ ᠣᠷᠣᠨ ᠰᠠᠭᠤᠴᠠ ᠶᠢᠨ ᠲᠣᠭᠤᠷᠢᠭ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠬᠤᠳᠠ ᠶᠢᠨ ᠬᠥᠮᠥᠨ ᠠᠮᠠ ᠶᠢᠨ ᠴᠤᠭᠯᠠᠷᠠᠯ᠂ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠪᠠ᠃ ᠶᠦᠩ ᠠᠨ ᠵᠠᠮ᠂ ᠴᠢᠩ ᠾᠧ ᠵᠠᠮ᠂ ᠵᠢᠦᠢ ᠪᠦᠦ ᠱᠠᠨ ᠶᠡᠭᠡ ᠵᠡᠭᠡᠯᠢ ᠵᠡᠷᠭᠡ ᠵᠠᠮ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠶᠦᠩ ᠠᠨ ᠵᠠᠮ᠂ ᠵᠠᠮ ᠬᠠᠷᠢᠯᠴᠠᠭᠠᠨ ᠤ ᠵᠠᠮ ᠵᠡᠷᠭᠡ ᠵᠠᠮ ᠤᠨ ᠬᠡᠰᠡᠭ ᠤᠨ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ ᠳᠠᠬᠢᠨ ᠪᠠᠶᠢᠭᠤᠯᠬᠤ ᠢᠨᠵᠧᠨᠧᠷᠢᠩ ᠢ ᠴᠢᠨᠠᠷ ᠰᠠᠶᠢᠲᠠᠢ ᠪᠠᠷᠢᠵᠤ ᠳᠠᠭᠤᠰᠬᠠᠪᠠ᠃ 53 ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ᠂ 83 ᠵᠢᠵᠢᠭ ᠲᠣᠭᠤᠷᠢᠭ ᠤᠨ ᠢᠯᠴᠢ ᠬᠠᠩᠭᠠᠬᠤ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ︽ᠵᠣᠯ ᠵᠢᠷᠭᠠᠯ ᠲᠠᠢ ᠪᠠᠷ ᠲᠡᠰ ᠳᠡᠪᠰᠢᠬᠦ︾ ᠶᠢ ᠪᠡᠶᠡᠯᠡᠭᠦᠯᠪᠡ᠃ ᠠᠷᠤ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ 10 ᠤᠭᠤᠲᠠ ᠴᠡᠴᠡᠷᠯᠢᠭ ᠬᠤᠳᠠ ᠶᠢᠨ ︽ᠪᠢᠴᠢᠯ ᠣᠷᠣᠨ ᠵᠠᠢ︾ ᠶᠢ ᠴᠢᠮᠡᠭᠯᠡᠪᠡ᠃ ᠠᠳᠠᠯ ᠠᠬᠤᠢ ᠶᠢᠨ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠤᠲᠠ ᠪᠠᠯᠭᠠᠰᠤ ᠶᠢᠨ ᠳᠦᠷᠢᠮ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ᠂ ᠭᠡᠷ ᠤᠨ ᠭᠠᠳᠠᠨᠠᠬᠢ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠡᠯ᠎ᠡ ᠲᠥᠷᠥᠯ ᠤᠨ ᠴᠡᠭᠴᠡᠯᠡᠨ ᠵᠠᠰᠠᠬᠤ ᠠᠵᠢᠯ ᠢ ᠬᠦᠴᠦᠲᠡᠢ ᠲᠦᠯᠬᠢᠨ ᠠᠬᠢᠭᠤᠯᠵᠤ᠂ 1.6 ᠲᠦᠮᠡᠨ ᠲᠡᠭᠰᠢ ᠳᠥᠷᠪᠡᠯᠵᠢᠨ ᠮᠧᠲᠷ ᠤᠨ ᠲᠣᠭᠲᠠᠭᠠᠯ  ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ᠂ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠷᠢᠯᠢᠭ ᠣᠨᠣᠴᠠᠲᠠᠢ ᠪᠥᠭᠡᠳ ᠬᠡᠪ ᠤᠨ ᠪᠠᠶᠢᠳᠠᠯ ᠲᠠᠢ ᠪᠠᠶᠢᠯᠭᠠᠵᠤ᠂ ᠠᠮᠢᠳᠤᠷᠠᠯ ᠤᠨ ᠬᠤᠭ ᠨᠣᠪᠰᠢ ᠶᠢ ᠡᠳᠦᠷ ᠠᠴᠠ ᠡᠳᠦᠷ ᠴᠡᠪᠡᠷᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠴᠠᠬᠢᠯᠭᠠᠨ ᠬᠦᠴᠦᠨ ᠤ ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠳᠤ ᠨᠡᠶᠢᠲᠡ 4.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 26.3 ᠺᠢᠯᠣᠮᠧᠲᠷ ᠰᠢᠨ᠎ᠡ ᠪᠠᠷ ᠪᠠᠶᠢᠭᠤᠯᠪᠠ᠃ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠥᠨᠳᠥᠷ ᠪᠠᠷᠢᠮᠵᠢᠶ᠎ᠠ ᠪᠠᠷ 10 ᠪᠠᠶᠢᠭᠤᠯᠵᠤ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 5 ᠪᠠᠶᠢᠭᠤᠯᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 725 ᠡᠷᠦᠬᠡ ᠳᠤ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠠᠶᠢᠯ ᠲᠣᠰᠬᠤᠨ ᠢ ᠨᠣᠭᠤᠭᠠᠷᠠᠭᠤᠯᠬᠤ ᠬᠠᠷᠠᠯᠲᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃       ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠠᠳᠠᠷᠠᠭᠤᠯᠪᠠ᠃ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠰᠤᠮᠤ ᠪᠠᠯᠭᠠᠰᠤ ᠶᠢᠨ ᠦᠨᠳᠦᠰᠦᠨ ᠱᠠᠲᠤᠨ ᠤ 9 ᠬᠤᠷᠰᠢᠶ᠎ᠠ ᠶᠢ ᠰᠡᠷᠭᠦᠭᠡᠨ ᠳᠠᠬᠢᠨ ᠪᠠᠶᠢᠭᠤᠯᠵᠤ᠂ ᠪᠠᠯᠭᠠᠰᠤ ᠶᠢᠨ ᠱᠠᠲᠤᠨ ᠳᠤ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠨᠢᠭᠡᠳᠦᠭᠡᠷ ᠳᠡᠰ  ᠠᠴᠠ ᠳᠡᠭᠡᠭᠰᠢᠬᠢ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ DIP ᠰᠦᠢᠳᠬᠡᠯ ᠲᠤᠰᠢᠶᠠᠵᠤ ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠥᠬᠦ ᠬᠤᠲᠠ ᠶᠢᠨ ᠬᠡᠪᠴᠢᠶᠡᠨ ᠳᠤ ︽ᠨᠢᠭᠡ ᠬᠦᠰᠦᠨᠦᠭᠲᠦ ᠶᠢ ᠨᠡᠪᠲᠡᠷᠡᠭᠦᠯᠬᠦ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠡᠬᠢᠯᠡᠭᠦᠯᠵᠦ᠂ ᠲᠣᠭᠠᠴᠢᠯᠠᠭᠰᠠᠨ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠡᠯ᠎ᠡ ᠲᠥᠷᠥᠯ ᠤᠨ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ︽ᠣᠶᠤᠨ ᠤᠬᠠᠭᠠᠨ︾ ᠨᠡᠮᠡᠷᠢᠯᠡᠬᠦ ᠳᠤ ᠬᠦᠴᠦᠨ ᠨᠡᠮᠡᠷᠢᠯᠡᠪᠡ᠃ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 328 ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠨ᠎ᠡ ᠶᠢ ᠡᠭᠦᠳᠦᠭᠰᠡᠨ 54 ᠬᠢᠯᠠᠰ ᠴᠡᠭ ᠢ ᠬᠡᠷᠡᠭᠯᠡᠯᠲᠡ ᠳᠤ ᠣᠷᠣᠭᠤᠯᠪᠠ᠃ ᠶᠦᠨ ᠱᠠᠩ ᠡᠵᠡᠩᠨᠡᠯᠲᠡ ᠶᠢᠨ ᠣᠷᠴᠢᠨ ᠲᠣᠭᠤᠷᠢᠨ ᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠪᠠᠶᠢᠭᠤᠯᠤᠭᠳᠠᠪᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︽ᠲᠣᠭᠠᠨ ᠤ ᠤᠬᠠᠭᠠᠨ ᠢᠶᠠᠷ ᠴᠢᠳᠠᠪᠤᠷᠢ ᠣᠯᠭᠤᠬᠤ︾ ᠶᠢ ᠪᠡᠶᠡᠯᠡᠭᠦᠯᠪᠡ᠃ ᠮᠣᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠢᠩᠬᠢᠨᠢ ᠪᠠᠷ ᠤᠯᠤᠰ ᠤᠨ ᠶᠡᠷᠦᠩᠬᠡᠢ ᠲᠣᠪᠴᠢᠶ᠎ᠠ ᠶᠢᠨ ︽ᠲᠠᠪᠤᠨ ᠣᠳᠣᠨ ᠭᠠᠵᠠᠷ︾ ᠲᠤ ᠫᠠᠶᠢᠰᠠ ᠣᠯᠭᠤᠵᠤ᠂ ︽ᠴᠢᠨ ᠲᠦᠷᠭᠡᠨ ᠡᠷᠭᠢᠯᠡᠬᠦ︾ ᠨᠠᠷᠠᠲᠤ ᠲᠡᠮᠳᠡᠭᠲᠦ ᠪᠠᠷ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠩ ᠴᠣᠭᠴᠠᠲᠤ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠦᠨᠡᠯᠡᠭᠳᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ᠭᠤᠷᠪᠠᠳᠠᠭᠢ ᠡᠲᠡᠭᠡᠳ ᠤᠨ ᠰᠢᠯᠭᠠᠨ ᠦᠨᠡᠯᠡᠯᠲᠡ ᠶᠢᠨ ᠬᠢᠷᠢ ᠪᠦᠲᠦᠮᠵᠢ ᠨᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠲᠣᠭᠤᠷᠢᠭ ᠤᠨ ᠡᠮᠦᠨ᠎ᠡ ᠡᠩᠨᠡᠭᠡᠨ ᠳᠤ ᠣᠷᠣᠪᠠ᠃ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠵᠦ᠂ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 35 ᠰᠢᠨ᠎ᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠦᠢᠯᠡᠰ ᠢ 27 ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ᠤᠯᠤᠰ ᠠᠴᠠ ᠡᠷᠬᠡ ᠣᠯᠭᠤᠭᠰᠠᠨ ᠲᠤᠰᠬᠠᠢ ᠠᠰᠢᠭ ᠤᠨ ᠲᠤᠭ᠎ᠠ 2250 ᠬᠤᠪᠢ ᠳᠤ ᠬᠦᠷᠴᠡᠢ᠃ ᠮᠠᠯᠴᠢᠨ ᠤ ᠠᠮᠢᠳᠤ ᠪᠣᠳᠠᠰ᠂ ᠳ᠋ᠧ ᠷᠦᠢ ᠡᠷᠳᠡᠨᠢ ᠰᠢᠰᠢ ᠵᠡᠷᠭᠡ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠧᠵᠢᠶᠠᠩ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠷ ᠣᠯᠠᠨ ᠲᠠᠰ ᠳᠠᠪᠬᠤᠷᠭ᠎ᠠ ᠶᠢᠨ ᠰᠠᠶᠢᠨ ᠬᠤᠷᠰᠢᠯ ᠢ ᠪᠡᠶᠡᠯᠡᠭᠦᠯᠦᠨ᠎ᠡ᠃ ᠠᠷᠠᠯᠵᠢᠶᠠᠴᠢᠨ ᠤᠷᠢᠬᠤ ᠬᠢᠷᠢ ᠬᠡᠮ ᠦᠷ᠎ᠡ ᠠᠰᠢᠭ ᠢ ᠳᠡᠭᠡᠭᠰᠢᠯᠡᠭᠦᠯᠵᠦ᠂ ᠯᠦᠩ ᠮᠠ ᠪᠦᠯᠦᠭᠯᠡᠯ᠂ ᠬᠠᠢ ᠯᠢᠨ ᠠᠮᠢᠳᠤ ᠪᠣᠳᠠᠰ ᠤᠨ ᠶᠡᠷᠦᠩᠬᠡᠢ ᠵᠠᠬᠢᠷᠭ᠎ᠠ ᠶᠢ ᠠᠮᠵᠢᠯᠲᠠ ᠲᠠᠢ ᠪᠠᠷ ᠨᠡᠭᠦᠯᠭᠡᠨ ᠠᠪᠴᠢᠷᠠᠵᠤ᠂ ᠤᠮᠠᠷᠠᠲᠤ ᠶᠢᠨ ᠬᠠᠪᠤᠷ ᠤᠨ ᠬᠤᠲᠠ ᠳᠤ ᠣᠴᠢᠭᠤᠯᠤᠨ᠂ ᠴᠢ ︽ᠬᠠᠩ︾ ᠢ ᠢᠷᠡᠭᠡᠳᠦᠢ ᠳᠤ ᠬᠠᠨᠳᠤᠭᠤᠯᠤᠨ᠂ ᠵᠧᠨ ᠫᠢᠨ ᠪᠡᠭᠡᠵᠢᠩ ᠳᠤ ᠬᠠᠩᠭᠠᠬᠤ ᠵᠡᠷᠭᠡ ᠲᠠᠨᠢᠯᠴᠠᠭᠤᠯᠬᠤ ᠠᠵᠢᠯᠯᠠᠭ᠎ᠠ ᠨᠢ ᠠᠷᠠᠯᠵᠢᠶᠠᠴᠢᠨ ᠤᠷᠢᠬᠤ ︽ᠨᠠᠶᠢᠵᠠ ᠶᠢᠨ ᠬᠦᠷᠢᠶ᠎ᠡ︾ ᠶᠢ ᠥᠷᠭᠡᠳᠬᠡᠵᠦ᠂ 19 ᠲᠥᠷᠥᠯ ᠵᠦᠢᠯ ᠨᠢ ᠲᠣᠰ ᠵᠢᠯ ᠳᠡᠭᠡᠨ ᠭᠡᠷ᠎ᠡ ᠲᠣᠭᠲᠠᠵᠤ᠂ ᠲᠣᠰ ᠵᠢᠯ ᠳᠡᠭᠡᠨ ᠦᠷ᠎ᠡ ᠪᠦᠲᠦᠮᠵᠢ ᠣᠯᠬᠤ ᠶᠢ ᠪᠡᠶᠡᠯᠡᠭᠦᠯᠵᠦ᠂ ᠪᠥᠬᠦ ᠵᠢᠯ ᠳᠤ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 103 ᠰᠢᠨ᠎ᠡ ᠪᠠᠷ ᠭᠡᠷ᠎ᠡ ᠲᠣᠭᠲᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 100 ᠳ᠋ᠦᠩᠰᠢᠭᠤᠷ ᠲᠥᠭᠦᠷᠢᠭ ᠢ ᠳᠠᠪᠠᠪᠠ᠃       ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ  ᠢ ᠳᠡᠭᠡᠳᠦᠯᠡᠬᠦ᠂ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ  ᠢ ᠦᠷᠭᠦᠯᠵᠢᠯᠡᠨ ᠨᠡᠮᠡᠭᠳᠡᠭᠦᠯᠪᠡ ᠃ ᠪᠥᠬᠦ ᠬᠤᠲᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠶᠢ 93 ᠬᠤᠭᠤᠴᠠᠭ᠎ᠠ ᠡᠷᠭᠢᠯᠡᠵᠦ᠂ ᠨᠡᠶᠢᠲᠡ 7105 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 1347 ᠬᠥᠮᠥᠨ ᠢ ᠳᠠᠶᠢᠴᠢᠯᠠᠨ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠵᠤ᠂ 8.15 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 0.5 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 2.87% ᠳᠤ ᠬᠥᠷᠪᠡ᠃ ᠰᠣᠶᠣᠯ ᠤᠨ ᠦᠢᠯᠡᠰ ᠴᠡᠴᠡᠭᠯᠡᠨ ᠬᠥᠭᠵᠢᠵᠦ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠴᠢᠨ ᠤ ᠪᠠᠭᠠᠴᠤᠳ ᠬᠡᠦᠬᠡᠳ ᠤᠨ ᠪᠠᠷ ᠵᠢᠷᠤᠭ ᠤᠨ ᠤᠷᠠᠯᠢᠭ ᠤᠨ ᠨᠠᠶᠢᠷ  ᠢ ᠠᠮᠵᠢᠯᠲᠠ ᠲᠠᠢ ᠡᠷᠭᠢᠯᠡᠵᠦ᠂ ︽ᠮᠣᠷᠢ ᠪᠠᠷ ᠠᠯᠬᠤᠬᠤ ᠡᠳᠦᠷ︾ ︽ᠳᠤᠮᠳᠠᠳᠤ ᠤᠯᠤᠰ ᠤᠨ ᠵᠢᠷᠤᠭ︾ ᠵᠡᠷᠭᠡ 10 ᠭᠠᠷᠤᠢ ᠬᠤᠪᠢᠰᠬᠠᠯᠲᠤ ᠰᠡᠳᠦᠪᠲᠦ ᠤᠷᠠᠯᠢᠭ ᠤᠨ ᠪᠦᠲᠦᠭᠡᠯ  ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ︽ᠨᠠᠮ ᠤᠨ ᠠᠴᠢ  ᠶᠢ ᠮᠡᠳᠡᠷᠡᠬᠦ᠂ ᠨᠠᠮ ᠤᠨ ᠦᠭᠡ  ᠶᠢ ᠰᠣᠨᠣᠰᠬᠤ᠂ ᠨᠠᠮ ᠢᠶᠠᠨ ᠳᠠᠭᠠᠬᠤ︾ ᠵᠡᠷᠭᠡ ᠠᠷᠠᠳ ᠲᠤ ᠠᠰᠢᠭ ᠬᠦᠷᠲᠡᠭᠡᠬᠦ ᠰᠢᠷᠢᠰ ᠲᠣᠭᠯᠠᠯᠲᠠ  ᠶᠢ ᠵᠠᠭᠤ ᠭᠠᠷᠤᠢ ᠲᠠᠯᠠᠪᠠᠶ ᠳᠤ ᠥᠷᠭᠡᠨ  ᠢᠶᠠᠷ ᠥᠷᠨᠢᠭᠦᠯᠪᠡ᠃ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠦᠯᠦᠭᠯᠡᠯᠴᠢᠯᠡᠭᠰᠡᠨ ᠰᠤᠷᠭᠠᠭᠤᠯᠢ ᠡᠷᠬᠢᠯᠡᠬᠦ ᠲᠤᠷᠰᠢᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠾᠧᠩ ᠳ᠋ᠡ ᠴᠧᠩ ᠬᠤᠪᠢᠶᠠᠷᠢ ᠰᠤᠷᠭᠠᠭᠤᠯᠢ ᠵᠡᠷᠭᠡ ᠵᠦᠢᠯᠡᠰ ᠢ ᠠᠰᠢᠭᠯᠠᠯᠲᠠ ᠳᠤ ᠣᠷᠣᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠩᠬᠠᠳᠤᠭᠠᠷ ᠬᠤᠭᠤᠴᠠᠭᠠᠨ ᠳᠤ ︽ᠬᠤᠷᠴᠢᠨ ᠨᠠᠷᠠᠲᠤ ᠪᠠᠭᠰᠢ︾ ᠶᠢ 100 ᠰᠢᠯᠭᠠᠷᠠᠭᠤᠯᠪᠠ᠃ ︽ᠬᠤᠶᠠᠷ ᠢ ᠪᠠᠭᠠᠰᠬᠠᠬᠤ︾ ᠬᠥᠳᠡᠯᠦᠩᠭᠦᠢ ᠬᠢᠨᠠᠨ ᠬᠡᠮᠵᠢᠬᠦ ᠪᠠ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠤᠳᠬ᠎ᠠ ᠠᠭᠤᠯᠭ᠎ᠠ ᠲᠠᠢ ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠬᠠᠯᠠᠭᠤᠨ ᠳᠤᠯᠠᠭᠠᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠦᠴᠦᠯᠡᠨ ᠥᠷᠨᠢᠭᠦᠯᠵᠦ᠂ ᠳᠠᠷᠤᠭᠠᠰᠤ ᠶᠢ ᠬᠥᠩᠭᠡᠷᠡᠭᠦᠯᠦᠭᠡᠳ ᠦᠷ᠎ᠡ ᠪᠦᠲᠦᠮᠵᠢ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃ ᠬᠤᠶᠠᠳᠤᠭᠠᠷ ᠳᠤᠮᠳᠠᠳᠤ ᠰᠤᠷᠭᠠᠭᠤᠯᠢ ᠨᠢ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠢᠷᠠᠭᠤ ᠠᠯᠳᠠᠷᠲᠠᠢ ᠪᠠᠷ ᠭᠥᠷᠳᠡᠵᠦ᠂ ᠢ ᠹᠦ᠋ ᠪᠠᠭ᠎ᠠ ᠰᠤᠷᠭᠠᠭᠤᠯᠢ᠂ ᠳᠣᠯᠣᠳᠤᠭᠠᠷ ᠳᠤᠮᠳᠠᠳᠤ ᠰᠤᠷᠭᠠᠭᠤᠯᠢ᠂ ᠴᠡᠷᠢᠭ ᠤᠨ ᠲᠠᠮᠢᠷ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠢᠶᠠᠷ ᠦᠨᠡᠯᠡᠭᠳᠡᠵᠦ᠂ ᠬᠤᠷᠴᠢᠨ ᠲᠣᠭᠤᠷᠢᠭ ᠨᠢ ᠤᠯᠤᠰ ᠤᠨ ᠲᠠᠰ ᠤᠨ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠲᠤᠷᠰᠢᠯᠲᠠ ᠶᠢᠨ ᠲᠣᠭᠤᠷᠢᠭ ᠢᠶᠠᠷ ᠦᠨᠡᠯᠡᠭᠳᠡᠪᠡ᠃ ᠡᠮᠴᠢᠯᠡᠭᠡᠨ ᠤ ᠬᠦᠷᠢᠶᠡᠨ ᠳᠠᠬᠢ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠬᠡᠯᠲᠡᠰ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ ᠬᠦᠷᠢᠶᠡᠯᠡᠩ ᠭᠠᠵᠠᠷ ᠯᠤᠭ᠎ᠠ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠣᠷᠣᠨ ᠲᠤᠭ᠎ᠠ ᠶᠢ ᠳᠠᠩᠰᠠᠯᠠᠬᠤ ᠳᠦᠷᠢᠮ ᠤᠨ ᠬᠠᠮᠢᠶᠠᠷᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠪᠠᠴᠢᠮ ᠳᠤᠲᠠᠭᠳᠠᠵᠤ ᠪᠠᠶᠢᠭ᠎ᠠ ᠡᠷᠡᠭᠦᠯ ᠬᠠᠮᠠᠭᠠᠯᠠᠯ ᠤᠨ 361 ᠴᠢᠳᠠᠪᠤᠷᠢᠲᠠᠨ ᠢ ᠤᠯᠠᠨ ᠠᠷᠭ᠎ᠠ ᠵᠠᠮ ᠢᠶᠠᠷ ᠨᠥᠬᠦᠪᠦᠷᠢᠯᠡᠪᠡ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠲᠤᠰᠬᠠᠢ ᠰᠠᠯᠠᠭᠠᠨ ᠤ ᠠᠰᠠᠷ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠨ᠂ ᠰᠤᠮᠤ ᠪᠠᠯᠭᠠᠰᠤ ᠵᠡᠭᠡᠯᠢ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ︵ᠮᠣᠩᠭᠤᠯ︶ ᠡᠮᠨᠡᠯᠭᠡ ᠶᠢᠨ ᠣᠷᠳᠣᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠪᠦᠷᠬᠦᠴᠡ ᠶᠢᠨ ᠨᠤᠷᠮ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠤᠨ ᠨᠥᠬᠦᠪᠦᠷᠢ᠂ ᠵᠡᠮᠳᠡᠭᠴᠦᠳ ᠤᠨ ᠨᠥᠬᠦᠪᠦᠷᠢ ᠵᠡᠷᠭᠡ ᠡᠯ᠎ᠡ ᠲᠦᠷᠦᠯ ᠤᠨ ᠪᠡᠯᠡ ᠮᠥᠩᠭᠦ ᠶᠢ 195 ᠳ᠋ᠦᠩᠰᠢᠭᠤᠷ ᠲᠥᠭᠦᠷᠢᠭ ᠲᠠᠷᠬᠠᠭᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠨ ᠦᠷ᠎ᠡ ᠠᠰᠢᠭ ᠢ ᠨᠡᠮᠡᠭᠳᠡᠭᠦᠯᠪᠡ᠃ ᠬᠥᠳᠡᠯᠮᠦᠷᠢ ᠠᠵᠢᠯ ᠣᠯᠭᠤᠯᠲᠠ᠂ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ 11 ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠵᠠᠭᠠᠷ ᠱᠤᠭᠤᠮ ᠢ ᠡᠷᠡᠰ ᠪᠠᠲᠤ ᠰᠠᠬᠢᠪᠠ᠃       ᠨᠢᠭᠡ ᠵᠢᠯ ᠤᠨ ᠲᠤᠷᠰᠢ᠂ ᠪᠢᠳᠡ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃ ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠡᠳ᠋ ᠬᠥᠷᠥᠩᠭᠡ ᠶᠢ ᠪᠦᠷᠢᠳᠬᠡᠬᠦ᠂ ᠲᠦᠭᠰᠢᠭᠦᠷᠢ ᠶᠢ ᠠᠷᠢᠯᠭᠠᠬᠤ︾ ᠥᠷᠢ ᠥᠭᠴᠡᠭᠡ ᠶᠢ ᠠᠷᠢᠯᠭᠠᠬᠤ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ︽ᠥᠷᠢ ᠥᠭᠴᠡᠭᠡ ᠶᠢ ᠠᠷᠢᠯᠭᠠᠬᠤ ᠲᠤᠷᠰᠢᠯᠲᠠ︾ ᠶᠢᠨ ᠵᠢᠭᠡᠯᠡᠯᠭᠡ ᠶᠢᠨ ᠲᠡᠮᠳᠡᠭᠲᠦ᠂ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠥᠨᠳᠥᠷ ᠪᠦᠲᠦᠮᠵᠢᠲᠡᠶ ᠠᠰᠢᠭᠯᠠᠨ᠂ 37.43 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠲᠣᠭᠲᠠᠭᠤᠨ ᠢᠶᠠᠷ ᠡᠵᠡᠮᠳᠡᠵᠦ ᠪᠣᠯᠬᠤ ᠪᠣᠯᠭᠠᠪᠠ᠃ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ 20 ᠵᠢᠯ ᠠᠴᠠ ᠳᠡᠭᠡᠭᠰᠢ ᠳᠠᠷᠤᠭᠳᠠᠵᠤ ᠪᠠᠶᠢᠭ᠎ᠠ ᠠᠮᠢᠨ ᠬᠡᠷᠡᠭ ᠢ 8 ᠢᠯᠡᠷᠡᠭᠦᠯᠵᠦ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠲᠥᠷᠥᠯ ᠤᠨ ᠴᠠᠭᠳᠠᠭᠠᠨ ᠤ ᠪᠠᠶᠢᠳᠠᠯ ︽ᠬᠤᠣᠰ ᠪᠠᠭᠤᠷᠠᠯᠲᠠ︾ ᠶᠢ ᠪᠡᠶᠡᠯᠡᠭᠦᠯᠵᠦ᠂ ᠱᠢ ᠵᠢᠶᠧ ᠲᠣᠮᠢᠯᠠᠭᠰᠠᠨ ᠰᠠᠯᠪᠤᠷᠢ ᠨᠢ ᠪᠥᠬᠦ ᠤᠯᠤᠰ ᠤᠨ ᠭᠤᠷᠪᠠᠳᠤᠭᠠᠷ ᠪᠦᠯᠦᠭ ᠤᠨ ︽ᠹᠧᠩ ᠴᠢᠶᠣᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠᠷ ᠨᠡᠷᠡᠶᠢᠳᠦᠭᠳᠡᠪᠡ᠃ ᠳᠡᠭᠡᠷ᠎ᠡ ᠭᠤᠷᠪᠠᠨ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠨᠤᠷᠮ᠎ᠠ 100% ᠳᠤ ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠤᠯᠠᠨ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠬᠦᠨᠳᠦ ᠶᠡᠭᠡ ᠭᠠᠯ ᠤᠨ ᠭᠠᠮᠰᠢᠭ ᠤᠨ ᠳᠠᠯᠳᠠ ᠬᠡᠮ ᠲᠠᠢ ᠨᠢᠭᠡᠴᠡ ᠶᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠬᠡᠷᠡᠭ ᠢ ᠬᠦᠴᠦᠨ ᠦᠭᠡᠢ ᠪᠣᠯᠭᠠᠨ᠎ᠠ᠃ ᠴᠠᠭ ᠠᠭᠤᠷ ᠤᠨ ᠭᠠᠮᠰᠢᠭ ᠢ ᠠᠷᠭᠠᠴᠠᠨ ᠰᠢᠢᠳᠪᠦᠷᠢᠯᠡᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃       ᠨᠢᠭᠡ ᠵᠢᠯ ᠤᠨ ᠲᠤᠷᠰᠢ᠂ ᠪᠢᠳᠡ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠪᠣᠳᠠᠲᠠᠢ ᠠᠵᠢᠯᠯᠠᠵᠤ᠂ ᠵᠠᠰᠠᠭ ᠤᠨ ᠣᠷᠳᠣᠨ ᠤ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠲᠡᠢ ᠡᠮᠬᠢ ᠳᠢᠭᠯᠢᠮ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠢᠮᠠᠭᠲᠠ ᠤᠭ ᠰᠠᠨᠠᠭ᠎ᠠ ᠪᠠᠨ ᠪᠠᠲᠤ ᠴᠢᠩᠭ᠎ᠠ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠮᠵᠢ︾᠂ ︽ᠲᠤᠯᠤᠭᠠᠨ ᠵᠢᠱᠢᠶᠡᠴᠢ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠣᠰᠣᠭᠠᠷ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠬᠡᠷᠡᠭᠵᠢᠭᠦᠯᠦᠯᠲᠡ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠳᠬᠤᠬᠤ ᠶᠢ ᠠᠶᠠᠨᠳᠠᠭᠠᠨ ᠬᠡᠪ ᠰᠤᠷᠲᠠᠯ ᠪᠣᠯᠭᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠲᠦᠷᠭᠡᠪᠴᠢᠯᠡᠨ ᠰᠢᠯᠢᠳᠡᠭᠵᠢᠭᠦᠯᠬᠦ᠂ ᠺᠠᠳ᠋ᠷᠴᠤᠳ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠠᠷᠠᠳ ᠤᠨ ᠪᠦᠯᠬᠦᠮ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠤᠯᠠᠨ ᠲᠦᠮᠡᠨ ᠲᠠᠢ ᠨᠡᠩ ᠣᠶᠢᠷᠠᠲᠤᠵᠤ᠂ ᠠᠷᠠᠳ ᠤᠨ ᠰᠠᠨᠠᠭᠠᠨ ᠳᠤ ᠨᠡᠩ ᠨᠡᠶᠢᠴᠡᠨ᠎ᠡ᠃ ᠠᠷᠠᠳ ᠤᠨ ᠵᠡᠪᠰᠡᠭᠲᠦ ᠬᠦᠴᠦᠨ᠂ ᠴᠡᠷᠢᠭ ᠤᠨ ᠠᠯᠪᠠᠨ ᠠᠴᠠ ᠪᠠᠭᠤᠭᠰᠠᠳ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠰᠣᠶᠣᠯ ᠲᠡᠦᠬᠡ ᠶᠢᠨ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ᠂ ᠵᠡᠮᠳᠡᠭᠴᠦᠳ᠂ ᠴᠠᠭ ᠠᠭᠤᠷ ᠵᠡᠷᠭᠡ ᠠᠵᠢᠯ ᠴᠥᠮ ᠪᠠᠶᠠᠷᠯᠠᠭᠤᠰᠢᠲᠠᠢ ᠠᠮᠵᠢᠯᠲᠠ ᠣᠯᠪᠠ᠃       ᠲᠥᠯᠥᠭᠡᠯᠡᠭᠴᠢᠳ ᠠ᠋᠂ ᠰᠠᠶ᠋ᠢᠬᠠᠨ ᠥᠩᠭᠡᠷᠡᠭᠰᠡᠨ 2023 ᠣᠨ ᠪᠣᠯ ᠲᠤᠶᠢᠯ ᠤᠨ ᠶᠡᠭᠡ ᠥᠷᠢᠰᠦᠯᠳᠦᠭᠡᠨ ᠲᠠᠢ᠂ ᠲᠤᠶᠢᠯ ᠤᠨ ᠬᠢᠯᠪᠡᠷ ᠪᠤᠰᠤ ᠨᠢᠭᠡ ᠵᠢᠯ ᠮᠥᠨ᠃ ᠤᠯᠠᠨ ᠳᠠᠪᠬᠤᠷᠳᠠᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠤᠨ ᠡᠮᠦᠨ᠎ᠡ᠂ ᠪᠢᠳᠡ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ ᠢᠳᠡᠪᠬᠢᠲᠡᠢ ᠪᠠᠷ ᠠᠷᠢᠯᠭᠠᠵᠤ᠂ ᠡᠷᠡᠰ ᠭᠤᠶᠢᠪᠢᠰᠢ ᠦᠭᠡᠢ ᠪᠠᠷ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ︽ᠲᠣᠭᠲᠠᠭᠤᠨ︾ ᠤ ᠬᠤᠷᠢᠭ᠎ᠠ ᠱᠤᠭᠤᠮ ᠢ ᠪᠠᠲᠤ ᠰᠠᠬᠢᠪᠠ᠃ ᠵᠢᠱᠢᠯᠲᠡ ᠠᠴᠠ ᠳᠠᠪᠠᠭᠰᠠᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠪᠢᠳᠡ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠦᠴᠢᠷ ᠢ ᠰᠥᠷᠦᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠭᠤᠮᠲᠠ ᠰᠢᠪᠲᠤᠯᠬᠤ᠂ ᠬᠥᠭᠵᠢᠯᠲᠡ ᠶᠢ ᠠᠬᠢᠭᠤᠯᠬᠤ ᠶᠢ ᠠᠳᠬᠤᠵᠤ᠂ ︽ᠤᠷᠤᠭᠰᠢᠯᠠᠬᠤ︾ᠪᠠᠶᠢᠳᠠᠯ ᠢᠶᠠᠨ ᠪᠠᠲᠤᠯᠠᠪᠠ᠃ ᠡᠳᠡᠭᠡᠷ ᠠᠮᠵᠢᠯᠲᠠ ᠶᠢ ᠣᠯᠣᠭᠰᠠᠨ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠣᠷᠣᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠷᠣᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠣᠷᠣᠨ ᠤ ᠠᠷᠠᠳ ᠲᠦᠮᠡᠨ ᠤ ᠨᠢᠭᠡ ᠰᠡᠳᠬᠢᠯ ᠨᠢᠭᠡ ᠴᠢᠭᠯᠡᠯ ᠢᠶᠠᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ ᠠᠵᠢᠯᠯᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ᠂ ᠵᠠᠰᠠᠭ ᠤᠨ ᠣᠷᠳᠣᠨ ᠤ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠲᠤ᠂ ᠮᠠᠨ ᠤ ᠣᠷᠣᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠭᠤᠷᠪᠠᠨ ᠵᠢᠯ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠪᠢᠷᠠᠭᠤᠯᠤᠭᠰᠠᠨ ᠤ ᠳᠠᠷᠠᠭ᠎ᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠥᠷᠢᠰᠦᠯᠳᠦᠭᠡᠨ ᠬᠦᠨᠳᠦ ᠨᠣᠴᠢᠲᠠᠢ ᠪᠥᠭᠡᠳ ᠪᠤᠳᠤᠯᠢᠶᠠᠨᠲᠠᠢ ᠪᠠᠶᠢᠵᠤ ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠄ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠨᠡᠯᠢᠶᠡᠳ ᠤᠳᠠᠭᠠᠨ᠂ ᠲᠡᠩᠴᠡᠭᠦᠷᠢᠲᠡᠢ ᠬᠥᠭᠵᠢᠭᠦᠯᠬᠦ ᠡᠷᠴᠢᠮ ᠬᠦᠷᠦᠯᠴᠡᠬᠦ ᠦᠭᠡᠢ᠂ ᠠᠵᠤ ᠦᠢᠯᠡᠰ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠳᠤ ᠮᠥᠨ ᠬᠦ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ ᠰᠠᠭᠤᠷᠢ ᠪᠠᠨ ᠴᠢᠩᠭᠠᠳᠬᠠᠬᠤ ᠴᠢᠬᠤᠯᠠᠲᠠᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠥᠨᠳᠥᠷ ᠡᠨᠧᠷᠭᠢ ᠶᠢᠨ ᠳᠡᠰ ᠤᠨ ᠠᠴᠢᠶᠠᠯᠠᠪᠤᠷᠢ ᠶᠢᠨ ᠲᠠᠪᠴᠠᠩ ᠳᠤᠲᠠᠮᠠᠭ ᠪᠠᠶᠢᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠳᠤ ᠮᠥᠨ ᠬᠦ ᠤᠷᠳᠤ ᠬᠤᠭᠤᠴᠠᠭ᠎ᠠ ᠪᠠᠷ ᠬᠦᠴᠦ ᠣᠷᠣᠭᠤᠯᠬᠤ ᠴᠢᠬᠤᠯᠠᠲᠠᠢ︔ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠰᠠᠭᠤᠷᠢ ᠲᠥᠬᠦᠭᠡᠷᠦᠮᠵᠢ ᠪᠠᠰᠠ ᠳᠤᠲᠠᠭᠤᠳᠠᠯ ᠲᠠᠢ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠮᠥᠨ ᠬᠦ ᠦᠷᠭᠦᠯᠵᠢᠯᠡᠨ ᠬᠦᠴᠦ ᠣᠷᠣᠭᠤᠯᠬᠤ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ  ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠰᠤᠷᠲᠠᠯ ᠤᠨ ᠪᠠᠶᠢᠭᠤᠯᠤᠯᠲᠠ  ᠶᠢ ᠮᠥᠨ ᠬᠦ ᠴᠥᠬᠦᠷᠡᠰᠢ ᠦᠭᠡᠢ ᠪᠠᠶᠢᠩᠭᠤ ᠠᠳᠬᠤᠬᠤ ᠴᠢᠬᠤᠯᠠᠲᠠᠢ ᠪᠠᠶᠢᠨ᠎ᠠ᠃ ᠡᠭᠦᠨ ᠳᠤ ᠪᠢᠳᠡ ᠰᠡᠷᠭᠡᠭ ᠪᠠᠶᠢᠵᠤ᠂ ᠴᠢᠩᠭ᠎ᠠ ᠪᠥᠭᠡᠳ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠨ᠎ᠡ᠃        ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ       ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠴᠢ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ  ᠨᠢ ᠡᠪᠳᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠᠳᠤ ᠤᠷᠤᠰᠬᠠᠯ ᠳᠤ ᠣᠷᠣᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠂ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ︽ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠵᠦᠢᠯ ᠤᠨ ᠡᠭᠦᠷᠭᠡ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠥᠪ ᠬᠤᠲᠠ ᠶᠢᠨ ᠲᠣᠭᠤᠷᠢᠭ ᠤᠨ ᠳᠠᠭᠠᠭᠤᠯᠤᠭᠴᠢ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠦᠨᠡᠨᠴᠢ ᠰᠢᠳᠤᠷᠭᠤ ᠣᠶᠤᠨ ᠤᠬᠠᠭᠠᠨ ᠢᠶᠠᠨ ᠰᠢᠪᠬᠠᠬᠤ ᠳᠤᠮᠳᠠ ᠣᠳᠣᠬᠢᠴᠢᠯᠠᠭᠰᠠᠨ ᠬᠤᠷᠴᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠦᠨᠡᠨᠬᠦ ᠰᠠᠶᠢᠲᠤᠷ ᠪᠢᠴᠢᠭᠯᠡᠨ᠎ᠡ᠃       2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.5%  ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 35%  ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠯ  ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8%  ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 6.5%  ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8%  ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6.6% ᠪᠠ 8.6%  ᠠᠴᠠ ᠳᠡᠭᠡᠭᠰᠢ ᠨᠡᠮᠡᠭᠳᠡᠭᠦᠯᠵᠦ᠂ ᠲᠦᠩᠯᠢᠶᠣᠣ ᠬᠤᠲᠠ ᠶᠢᠨ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄       ︵ᠨᠢᠭᠡ︶ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ ᠠᠭᠤᠰᠤᠯᠴᠠᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠷᠭᠡᠳᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠢᠳᠡᠪᠬᠢᠲᠡᠢ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃       ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠤᠨ᠎ᠠ᠃ 39.14 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ ᠂ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶᠡᠨ ᠤ ᠬᠤᠷᠠᠮᠠᠯ ᠥᠨᠳᠥᠷ ᠪᠦᠲᠦᠮᠵᠢᠲᠡᠶ ᠨᠡᠶᠢᠭᠡᠮᠴᠢᠯᠡᠭᠰᠡᠨ ᠦᠢᠯᠡᠴᠢᠯᠡᠭᠡ ᠶᠢ 150 ᠲᠦᠮᠡᠨ ᠮᠦ ᠥᠷᠨᠢᠭᠦᠯᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦᠯᠢ ᠳᠦᠷᠢᠮ ᠢᠶᠠᠷ ᠲᠦᠯᠬᠢᠨ ᠠᠬᠢᠭᠤᠯᠵᠤ᠂ 110 ᠲᠦᠮᠡᠨ ᠮᠦ ᠡᠷᠳᠡᠨᠢ ᠰᠢᠰᠢ ᠶᠢᠨ ᠤᠨᠠᠯᠲᠠ ᠶᠢ ᠲᠡᠩᠴᠡᠭᠦᠷᠢᠲᠡᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠵᠤ᠂ ᠠᠮᠤ ᠪᠤᠳᠠᠭᠠᠨ ᠤ ᠤᠨᠠᠯᠲᠠ ᠶᠢ 34 ᠳ᠋ᠦᠩᠰᠢᠭᠤᠷ ᠵᠢᠩ ᠠᠴᠠ ᠳᠠᠪᠠᠭᠤᠯᠬᠤ ᠶᠢ ᠦᠨᠡᠨ ᠬᠦ ᠪᠠᠲᠤᠯᠠᠪᠠ᠃ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠥᠪᠯᠡᠷᠡᠨ ᠵᠠᠯᠭᠠᠯᠳᠤᠭᠰᠠᠨ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠡᠬᠢᠯᠡᠭᠦᠯᠵᠦ᠂ ᠪᠡᠯᠡᠳᠭᠡᠮᠵᠢᠳᠤ ᠲᠠᠷᠢᠶᠠᠯᠠᠩ ᠢ 2 ᠲᠦᠮᠡᠨ ᠮᠦ ᠪᠣᠯᠲᠠᠯ᠎ᠠ ᠨᠡᠮᠡᠭᠳᠡᠭᠦᠯᠬᠦ ᠪᠠᠷ ᠴᠢᠷᠮᠠᠶᠢᠵᠤ᠂ ︽ᠢᠳᠡᠰᠢᠨ ᠨᠣᠭᠤᠭ᠎ᠠ︾ ᠶᠢᠨ ᠪᠦᠲᠦᠮᠵᠢᠲᠡᠶ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠰᠢᠭᠤᠢ ᠵᠢᠮᠢᠰ᠂ ᠣᠶ ᠰᠢᠭᠤᠢ ᠶᠢᠨ ᠡᠮ᠂ ᠣᠶ ᠰᠢᠭᠤᠢ ᠶᠢᠨ ᠪᠠᠺᠲ᠋ᠧᠷᠢ ᠵᠡᠷᠭᠡ ᠣᠨᠴᠠᠯᠢᠭᠲᠤ ᠲᠠᠷᠢᠮᠠᠯ ᠢ ᠬᠥᠭᠵᠢᠭᠦᠯᠵᠦ᠂ ᠣᠶ ᠶᠢᠨ ᠬᠤᠷᠮᠣᠢ ᠶᠢᠨ ᠪᠦᠲᠦᠭᠡᠭᠳᠡᠬᠦᠨ ᠢ ᠴᠤᠭᠯᠠᠭᠤᠯᠬᠤ᠂ ᠡᠳ᠋ᠰᠢᠭᠦᠯᠬᠦ ᠵᠡᠷᠭᠡ ᠣᠯᠠᠨ ᠵᠦᠢᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶ ᠰᠢᠭᠤᠢ ᠶᠢᠨ ᠠᠵᠤ ᠠᠬᠤᠢ ᠶᠢᠨ ᠣᠯᠠᠨ ᠡᠰᠢᠲᠦ ᠵᠢᠷᠤᠮᠵᠢᠯ ᠲᠠᠢ ᠬᠥᠭᠵᠢᠯᠲᠡ ᠶᠢ ᠠᠬᠢᠭᠤᠯᠤᠨ᠎ᠠ᠃ ᠨᠢᠭᠡ ᠪᠦᠯᠦᠭ ᠰᠢᠯᠢᠳᠡᠭ ᠡᠬᠡ ᠮᠠᠯ ᠦᠷᠡᠵᠢᠭᠦᠯᠦᠨ ᠪᠣᠶᠢᠵᠢᠭᠤᠯᠬᠤ ᠲᠠᠯᠠᠪᠠᠶ᠂ ᠲᠣᠭᠠᠴᠢᠯᠠᠭᠰᠠᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠢ ᠨᠠᠷᠢᠨ ᠨᠢᠮᠪᠠᠢ ᠪᠠᠶᠢᠭᠤᠯᠵᠤ᠂ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠨᠡᠭᠡᠭᠡᠨ ᠡᠵᠡᠩᠨᠡᠬᠦ ᠶᠢ ᠭᠤᠣᠯᠳᠠᠯᠭ᠎ᠠ ᠲᠠᠢ ᠠᠬᠢᠭᠤᠯᠵᠤ᠂ ᠶᠠᠩ ᠰᠢᠨ ᠢᠰᠦᠨ ᠤ ᠲᠣᠰᠣ᠂ ᠮᠣᠩᠭᠤᠯ ᠨᠤᠲᠤᠭ ᠤᠨ ᠣᠨᠴᠠᠯᠢᠭ ᠲᠠᠢ ᠢᠳᠡᠭᠡᠨ ᠵᠡᠷᠭᠡ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ ᠠᠯᠠᠰᠢᠨ ᠦᠬᠡᠷ ᠤᠨ ᠲᠤᠭ᠎ᠠ ᠶᠢ 34 ᠲᠦᠮᠡᠨ ᠲᠣᠯᠣᠭᠠᠢ᠂ 11.5 ᠲᠦᠮᠡᠨ ᠲᠣᠯᠣᠭᠠᠢ ᠪᠣᠷᠳᠣᠵᠤ ᠲᠠᠷᠭᠤᠯᠠᠭᠤᠯᠬᠤ᠂ 3 ᠲᠦᠮᠡᠨ ᠲᠣᠯᠣᠭᠠᠢ ᠶᠢ ᠨᠢᠲᠤᠯᠵᠤ ᠡᠳ᠋ᠰᠢᠭᠦᠯᠬᠦ ᠶᠢ ᠦᠨᠡᠨᠬᠦ ᠪᠠᠲᠤᠯᠠᠵᠤ᠂ ᠪᠥᠬᠦ ᠤᠯᠤᠰ ᠤᠨ ᠬᠠᠮᠤᠭ ᠤᠨ ᠲᠣᠮᠣ ᠦᠬᠡᠷ ᠤᠨ ᠮᠢᠬᠠᠨ ᠤ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢ ᠲᠦᠷᠭᠡᠳᠬᠡᠨ ᠪᠠᠶᠢᠭᠤᠯᠤᠨ᠎ᠠ᠃       ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠪᠥᠬᠦ ᠬᠦᠴᠦᠨ ᠢᠶᠠᠷ ᠠᠬᠢᠭᠤᠯᠤᠨ᠎ᠠ ᠦᠬᠡᠷ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠪᠠ ᠦᠬᠡᠷ ᠤᠨ ᠮᠢᠬᠠᠨ ᠤ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ᠂ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ ᠶᠢ ᠠᠬᠢᠭᠤᠯᠵᠤ᠂ ᠬᠥᠷᠥᠩᠭᠡ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠵᠡᠷᠭᠡ ᠬᠦᠴᠦᠨ ᠵᠦᠢᠯ ᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ ᠶᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ· ᠤᠮᠠᠷᠠᠲᠤ ᠶᠢᠨ ᠬᠤᠷᠴᠢᠨ ᠤ ᠤᠷᠭᠤᠮᠠᠯ ᠤᠨ ᠦᠷ᠎ᠡ ᠪᠠ ᠵᠤᠯᠵᠠᠭ᠎ᠠ ᠮᠣᠳᠣ ᠶᠢ ᠰᠤᠳᠤᠯᠤᠨ ᠨᠡᠭᠡᠭᠡᠵᠦ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠣᠶᠣᠯ ᠤᠨ ᠵᠤᠭᠠᠴᠠᠯ᠂ ᠡᠷᠡᠭᠦᠯ ᠬᠠᠮᠠᠭᠠᠯᠠᠯ ᠠᠰᠠᠷᠠᠮᠵᠢ ᠶᠢᠨ ᠲᠠᠷᠢᠶᠠᠯᠠᠩ ᠵᠡᠷᠭᠡ ᠤᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠪᠦᠲᠦᠮᠵᠢᠲᠡᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ ᠶᠢ ᠲᠦᠷᠭᠡᠳᠬᠡᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢ 12 ᠡᠷᠦᠬᠡ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠣᠷᠢᠨ ᠰᠦᠮ᠎ᠡ ᠰᠤᠮᠤ᠂ ᠳ᠋ᠠ ᠯᠢᠨ ᠪᠠᠯᠭᠠᠰᠤ ᠶᠢᠨ ᠰᠢᠶᠠᠨ ᠭᠤᠸᠠᠩ ᠲᠣᠰᠬᠤᠨ ᠵᠡᠷᠭᠡ ᠣᠨᠴᠠᠯᠢᠭᠲᠤ ᠪᠠᠯᠭᠠᠰᠤ ᠲᠣᠰᠬᠤᠨ ᠤ ᠲᠣᠭᠤᠷᠢᠨ ᠳᠤ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠲᠠᠷᠢᠶᠠᠴᠢᠨ ᠠᠶᠢᠯ ᠤᠨ ᠵᠤᠭᠠᠴᠠᠯ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ︽ᠢᠨᠲ᠋ᠧᠷ ᠰᠦᠯᠵᠢᠶ᠎ᠡ + ᠭᠦᠢᠯᠭᠡᠭᠡ + ᠦᠢᠯᠡᠴᠢᠯᠡᠭᠡ︾ ᠶᠢᠨ ᠵᠠᠭᠪᠤᠷ ᠢ ᠪᠠᠶᠢᠭᠤᠯᠤᠨ ᠳᠡᠯᠭᠡᠷᠡᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠠ ᠵᠢᠭᠤᠯᠴᠢᠯᠠᠯ ᠤᠨ ᠡᠬᠢ ᠪᠠᠶᠠᠯᠢᠭ ᠢ ᠵᠢᠭᠤᠯᠴᠢᠯᠠᠯ ᠤᠨ ᠲᠠᠸᠠᠷ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠪᠡᠭᠡᠵᠢᠩ ᠤᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠨᠡᠶᠢᠭᠡᠮᠯᠢᠭ ᠵᠡᠷᠭᠡ ᠠᠵᠢᠯ ᠲᠥᠷᠥᠯ ᠤᠨ ᠨᠡᠶᠢᠭᠡᠮᠯᠢᠭ ᠯᠦᠭᠡ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠤᠮᠠᠷᠠᠲᠤ ᠶᠢᠨ ᠢᠳᠡᠰᠢᠨ ᠨᠣᠭᠤᠭᠠᠨ ᠤ ᠪᠦᠯᠦᠭᠯᠡᠯ᠂ ᠲᠡᠷᠢᠭᠦᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠣᠭᠤᠭᠠᠨ ᠭᠡᠷ ᠵᠡᠷᠭᠡ ᠬᠠᠩᠭᠠᠯᠭ᠎ᠠ ᠶᠢᠨ ᠬᠡᠯᠬᠢᠶᠡᠰᠦ ᠶᠢᠨ ᠬᠥᠲᠥᠴᠢ ᠠᠵᠤ ᠠᠬᠤᠶᠢᠯᠠᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠥᠷᠭᠡᠳᠬᠡᠨ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠡᠭᠡᠵᠢᠩ ᠳᠤ ᠣᠷᠣᠬᠤ       ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠦᠯᠦ ᠡᠭᠦᠰᠬᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦ ᠪᠠᠨ ᠲᠥᠪᠯᠡᠷᠡᠭᠦᠯᠦᠨ ᠬᠥᠭᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠪᠡᠯᠡᠳᠭᠡᠮᠵᠢᠳᠤ ᠲᠠᠷᠢᠶᠠᠯᠠᠩ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠪᠡᠯᠡ ᠣᠷᠣᠭᠤᠯᠤᠨ ᠬᠡᠷᠡᠭᠯᠡᠬᠦ ᠶᠢ ᠦᠨᠡᠨᠬᠦ ᠪᠠᠲᠤᠯᠠᠵᠤ ᠂ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ᠃ ︽ᠮᠢᠩᠭᠠᠨ ᠲᠦᠮᠡ ᠶᠢᠨ ᠢᠨᠵᠧᠨᠧᠷᠢᠩ︾  ᠢ ᠳᠡᠯᠭᠡᠷᠡᠭᠦᠯᠦᠭᠰᠡᠨ ᠲᠤᠷᠰᠢᠯᠭ᠎ᠠ ᠪᠠᠷ ᠲᠣᠯᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 10 ᠵᠢᠱᠢᠶ᠎ᠡ ᠦᠵᠡᠭᠦᠯᠬᠦ ᠲᠣᠰᠬᠤᠨ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠢ ᠬᠥᠭᠵᠢᠭᠦᠯᠬᠦ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠠᠨᠳᠤᠯᠭ᠎ᠠ ᠲᠠᠢ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠰᠢᠯᠢᠳᠡᠭ ᠵᠠᠯᠠᠭᠤᠴᠤᠳ ᠢ ᠰᠣᠩᠭᠤᠨ ᠲᠣᠮᠢᠯᠠᠵᠤ ᠰᠦᠢᠳᠬᠡᠯ ᠬᠤᠷᠢᠶᠠᠬᠤ ᠦᠭᠡᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ ᠠᠵᠤ ᠦᠢᠯᠡᠰ ᠤᠨ ᠠᠵᠢᠯᠴᠢᠨ ᠢ ᠶᠡᠬᠡᠪᠡᠷ ᠬᠥᠮᠥᠵᠢᠭᠦᠯᠦᠨ᠎ᠡ᠃ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠦᠴᠦᠯᠡᠨ ᠰᠠᠶᠢᠲᠤᠷ ᠡᠷᠭᠢᠯᠡᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠤᠷᠮᠠᠰᠢᠭᠤᠯᠵᠤ ᠬᠢᠵᠠᠭᠠᠷᠯᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠰᠢᠨ᠎ᠡ ᠰᠤᠷᠲᠠᠯ ᠲᠥᠪ ᠰᠤᠷᠲᠠᠯ ᠢ ᠬᠠᠳᠠᠭᠠᠯᠠᠬᠤ ᠬᠡᠷᠡᠭᠲᠡᠢ᠃       ︵ᠬᠤᠶᠠᠷ︶ ᠬᠡᠯᠬᠢᠶ᠎ᠡ ᠶᠢ ᠴᠢᠩᠭᠠᠳᠬᠠᠵᠤ ᠬᠥᠳᠡᠯᠭᠡᠬᠦ ᠴᠢᠳᠠᠪᠤᠷᠢ ᠶᠢ ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ ᠬᠦᠴᠦᠷᠬᠡᠭᠵᠢᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠵᠤ ᠦᠢᠯᠡᠰ ᠤᠨ ︽ᠨᠢᠷᠤᠭᠤᠪᠴᠢ︾ ᠶᠢᠨ ᠵᠠᠩᠭᠢᠯᠠᠭ᠎ᠠ ᠶᠢᠨ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠭᠤᠣᠯᠯᠠᠬᠤ ᠠᠵᠤ ᠦᠢᠯᠡᠰ ᠤᠨ ᠬᠡᠯᠬᠢᠶᠡᠵᠢᠭᠰᠡᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠂ ᠳᠠᠪᠠᠭᠤᠯᠢᠭ ᠠᠵᠤ ᠦᠢᠯᠡᠰ ᠤᠨ ᠰᠢᠨᠡᠴᠢᠯᠡᠯᠲᠡ ᠶᠢ ᠳᠠᠪᠬᠤᠴᠠᠭᠤᠯᠤᠨ ᠣᠷᠣᠯᠠᠭᠤᠯᠬᠤ ᠶᠢ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠎ᠡ᠃       ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠠ ᠲᠣᠨᠤᠭ ᠲᠥᠬᠦᠭᠡᠷᠦᠮᠵᠢ ᠦᠢᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ ᠤ ᠬᠤᠯᠬᠤᠪᠴᠢ᠂ ᠨᠡᠮᠡᠭᠳᠡᠯ ᠤᠨ ᠬᠤᠷᠳᠤᠴᠠ ᠶᠢᠨ ᠮᠠᠰᠢᠨ᠂ ᠴᠠᠬᠢᠯᠭᠠᠨ ᠰᠣᠷᠢᠨᠵᠢᠨ ᠤᠲᠠᠰᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠵᠣᠯᠭᠠᠭᠤᠯᠬᠤ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠯᠦᠩ ᠮᠠ ᠶᠢᠨ 20 ᠲᠦᠮᠡᠨ ᠲᠣᠨ ᠹᠠᠯᠠᠨ ᠵᠢᠴᠢ 200 ᠲᠦᠮᠡᠨ ᠲᠣᠨ ᠴᠢᠳᠬᠤᠮᠠᠯ ᠲᠣᠨᠤᠭ᠂ ᠱᠦᠢ ᠹᠠ ᠹᠧᠩ ᠶᠤᠸᠠᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠭᠤᠣᠯᠳᠠᠯᠭ᠎ᠠ ᠲᠠᠢ ᠪᠠᠲᠤᠯᠠᠵᠤ᠂ ᠪᠥᠬᠦ ᠬᠡᠯᠬᠢᠶ᠎ᠡ ᠪᠠᠷ ᠥᠪᠥᠷ ᠮᠣᠩᠭᠤᠯ ᠤᠨ ᠵᠡᠭᠦᠨ ︵ᠲᠦᠩᠯᠢᠶᠣᠣ︶ ᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ᠎ᠠ︔ 138 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠳᠡᠭᠡᠷ᠎ᠡ ᠬᠠᠭᠠᠰ ᠵᠢᠯ ᠤᠨ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠬᠦᠷᠭᠡᠬᠦ ᠶᠢ ᠬᠦᠴᠦᠯᠡᠨ ᠪᠠᠲᠤᠯᠠᠵᠤ᠂ ᠳᠤᠮᠳᠠᠳᠤ ᠤᠯᠤᠰ ᠤᠨ ᠣᠩᠭᠤᠴᠠᠨ ᠤ ᠪᠦᠯᠦᠭᠯᠡᠯ ᠤᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ᠂ ᠰᠠᠯᠬᠢᠨ ᠬᠦᠴᠦᠨ ᠤ ᠴᠠᠬᠢᠯᠭᠠᠨ ᠤ ᠤᠰᠤᠲᠥ᠋ᠷᠥᠭᠴᠢ ᠰᠢᠪᠲᠦᠷ ᠦᠢᠯᠡᠳᠬᠦ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠢᠳᠤ ᠪᠣᠳᠠᠰ ᠤᠨ ᠮᠠᠰ ᠤᠨ ᠠᠵᠤ ᠦᠢᠯᠡᠳᠪᠦᠷᠢ ᠶᠢᠨ ᠠᠭᠤᠷ ᠤᠨ ᠲᠥᠷᠥᠯ ᠵᠦᠢᠯ ᠤᠨ ᠪᠥᠬᠦ ᠲᠠᠯ᠎ᠠ ᠶᠢᠨ ᠡᠵᠡᠩᠨᠡᠯᠲᠡ ᠶᠢ ᠲᠦᠯᠬᠢᠨ ᠠᠬᠢᠭᠤᠯᠵᠤ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠪᠡᠶᠡᠯᠡᠭᠦᠯᠦᠨ᠎ᠡ᠃ ᠲᠡᠷᠢᠭᠦᠯᠡᠭᠴᠢ ᠴᠡᠴᠡᠭ ᠤᠨ ᠠᠮᠢᠳᠤ ᠪᠣᠳᠠᠰ ᠤᠨ 50 ᠲᠦᠮᠡᠨ ᠲᠣᠨ ᠤ ᠠᠮᠲᠠ ᠶᠢᠨ ᠤᠭᠢ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ᠂ ᠣᠶᠤᠨᠲᠤ ᠬᠦᠷᠢᠶᠡᠯᠡᠩ ᠲᠣᠭᠤᠷᠢᠭ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠡᠷᠬᠡᠪᠰᠢ ᠲᠠᠯᠠᠢ ᠶᠢᠨ ᠬᠥᠷᠰᠢ ᠵᠡᠷᠭᠡᠯᠡᠳᠡᠭᠡ ᠶᠢᠨ ᠠᠮᠢᠳᠤ ᠪᠣᠳᠠᠰ ᠤᠨ 10 ᠲᠦᠮᠡᠨ ᠲᠣᠨ ᠤ ᠤᠭᠤᠷᠠᠭᠲᠤ ᠬᠠᠭᠤᠷᠮᠠᠭ ᠰᠢᠷᠬᠡᠭ ᠤᠨ ᠢᠰᠬᠡᠭᠦᠷ ᠤᠨ ᠤᠭᠤᠷᠠᠭ ᠢ ᠪᠠᠲᠤᠯᠠᠵᠤ᠂ ᠶᠡᠷᠦᠩᠬᠡᠢ ᠬᠡᠯᠲᠡᠰ ᠤᠨ ᠰᠤᠳᠤᠯᠤᠨ ᠨᠡᠭᠡᠭᠡᠬᠦ ᠲᠥᠪ ᠤᠨ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠡᠪᠴᠢᠶᠡᠵᠢᠭᠰᠡᠨ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ ᠪᠣᠬᠢᠷᠲᠤᠯ ᠦᠭᠡᠢ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ ᠢ ᠴᠢᠷᠮᠠᠶᠢᠨ ᠴᠣᠭᠴᠠᠯᠠᠨ᠎ᠠ᠃ ᠰᠢᠶᠣᠣ ᠶᠢᠨ ᠮᠠᠰᠢᠨ ᠲᠡᠷᠭᠡᠨ ᠤ ᠰᠠᠭᠤᠷᠢ ᠲᠣᠨᠤᠭ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠡᠭᠡᠳᠦ ᠲᠠᠰ ᠤᠨ ᠳᠠᠪᠲᠠᠨ ᠬᠡᠪᠰᠢᠭᠦᠯᠬᠦ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠠᠵᠢᠯ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠪᠲᠠᠨ ᠡᠳ᠋ᠰᠢᠭᠦᠯᠵᠦ ᠪᠣᠯᠪᠠᠰᠤᠷᠠᠭᠤᠯᠬᠤ᠂ ᠰᠢᠯᠭᠠᠨ ᠪᠠᠶᠢᠴᠠᠭᠠᠵᠤ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠴᠠᠬᠢᠯᠭᠠᠨ ᠦᠢᠯᠡᠳᠬᠦ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦ ᠪᠠᠨ ᠬᠠᠮᠲᠤᠳᠬᠠᠨ ᠪᠦᠲᠦᠭᠡᠨ ᠪᠠᠶᠢᠭᠤᠯᠤᠨ᠎ᠠ᠃ ᠬᠠᠢ ᠲᠢᠶᠠᠨ ᠡᠮ ᠦᠢᠯᠡᠳᠬᠦ ᠰᠢᠨ᠎ᠡ ᠦᠢᠯᠡᠳᠪᠦᠷᠢ ᠶᠢᠨ ᠲᠣᠭᠤᠷᠢᠭ᠂ ᠮᠠᠯᠴᠢᠨ ᠤ ︽ᠬᠢᠲᠠᠳ ᠮᠣᠩᠭᠤᠯ ᠡᠮ ᠤᠨ ᠬᠤᠲᠠ︾ ᠵᠡᠷᠭᠡ ᠲᠥᠷᠥᠯ ᠵᠦᠢᠯ ᠤᠨ ᠡᠬᠢᠯᠡᠨ ᠪᠦᠲᠦᠭᠡᠨ ᠪᠠᠶᠢᠭᠤᠯᠬᠤ ᠶᠢ ᠣᠯᠠᠨ ᠲᠠᠯ᠎ᠠ  ᠠᠴᠠ ᠳᠡᠮᠵᠢᠵᠦ᠂ ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭ ᠪᠦᠬᠦᠢ ᠬᠦᠷᠢᠶ᠎ᠡ ᠳᠠᠰᠢ ᠥᠷᠭᠡᠵᠢᠨ ᠥᠷᠭᠡᠵᠢᠬᠦ ᠶᠢ ᠠᠬᠢᠭᠤᠯᠤᠨ᠎ᠠ᠃ ᠶᠢᠨ ᠲᠠᠢ ᠲᠦᠩ ᠤᠨ ᠲᠦᠷᠭᠡᠨ ᠬᠥᠯᠳᠡᠭᠡᠭᠰᠡᠨ ᠢᠳᠡᠭᠡᠨ᠂ ᠤᠯᠤᠰ ᠤᠨ ᠡᠮ ᠤᠨ ᠡᠷᠡᠭᠦᠯ ᠮᠡᠨᠳᠦ ᠶᠢᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠮ᠎ᠡ ᠲᠡᠵᠢᠭᠡᠯ ᠤᠨ ᠰᠦᠨ ᠨᠠᠶᠢᠷᠠᠯᠭ᠎ᠠ ᠵᠡᠷᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠭᠤᠣᠯᠳᠠᠯᠭ᠎ᠠ ᠲᠠᠢ ᠲᠦᠷᠭᠡᠳᠬᠡᠵᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠥᠨᠳᠥᠷ ᠪᠦᠲᠦᠮᠵᠢᠲᠡᠶ ᠬᠥᠭᠵᠢᠬᠦ ᠶᠢ ᠣᠯᠭᠤᠨ᠎ᠠ᠃       ᠨᠠᠷᠢᠯᠢᠭ ᠲᠠᠷᠢᠵᠤ ᠨᠢᠮᠪᠠᠢ ᠠᠷᠠᠴᠢᠯᠠᠬᠤ ᠴᠢᠨᠠᠷ ᠰᠠᠶᠢᠲᠠᠢ ᠬᠠᠳᠠᠭᠠᠯᠠᠯᠲᠠ ᠶᠢᠨ ᠬᠡᠮᠵᠢᠶ᠎ᠡ ᠶᠢ ᠪᠠᠭᠲᠠᠭᠠᠨ᠎ᠠ᠃ ᠱᠦᠨ ᠲᠦᠩ ᠠᠮᠢᠳᠤ ᠪᠣᠳᠠᠰ᠂ ᠶᠢᠨ ᠯᠥᠸᠧ ᠢᠳᠡᠭᠡᠨ᠂ ᠬᠠᠪᠤᠷ ᠤᠨ ᠢᠳᠡᠭᠡᠨ ᠵᠡᠷᠭᠡ ᠳᠠᠯᠳᠠ ᠬᠦᠴᠦᠨ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠶᠢ ᠦᠷᠭᠦᠯᠵᠢᠯᠡᠨ ᠠᠬᠢᠭᠤᠯᠵᠤ᠂ ᠷᠦᠢ ᠰᠢᠶᠠᠩ ᠬᠦᠨᠳᠦ ᠠᠵᠤ ᠦᠢᠯᠡᠳᠪᠦᠷᠢ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠶᠢᠨ ᠤᠯᠤᠰ ᠤᠨ ᠲᠣᠭᠲᠠᠭᠠᠯ ᠳᠠᠬᠢ ᠠᠵᠤ ᠠᠬᠤᠶᠢᠯᠠᠯ ᠤᠨ ᠭᠠᠷᠤᠯᠲᠠ ᠪᠠᠨ ᠥᠷᠭᠡᠳᠬᠡᠨ ᠨᠡᠮᠡᠭᠳᠡᠭᠦᠯᠬᠦ ᠶᠢ ᠶᠡᠬᠡᠪᠡᠷ ᠳᠡᠮᠵᠢᠵᠦ᠂ ᠱᠤᠸᠠᠩ ᠷᠦᠢ ᠶᠧ ᠶᠧ᠂ ᠮᠢᠩ ᠯᠦᠩ ᠡᠨᠧᠷᠭᠢ᠂ ᠹᠠᠩ ᠵᠧᠦ ᠰᠢᠨ᠎ᠡ ᠮᠠᠲ᠋ᠧᠷᠢᠶᠠᠯ ᠵᠡᠷᠭᠡ ᠴᠢᠨᠠᠷ ᠰᠠᠶᠢᠲᠠᠢ ᠠᠵᠤ ᠠᠬᠤᠶᠢᠯᠠᠯ ᠤᠨ ᠲᠠᠰ ᠳᠡᠪᠰᠢᠬᠦ ᠲᠣᠭᠲᠠᠭᠠᠯ ᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 48 ᠡᠷᠦᠬᠡ ᠳᠤ ᠬᠦᠷᠦᠭᠦᠯᠬᠦ ᠪᠠᠷ ᠴᠢᠷᠮᠠᠶᠢᠵᠤ᠂ ᠦᠢᠯᠡᠳᠬᠦᠨ ᠤ ᠥᠷᠲᠡᠭ ᠢ 310 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠮᠣᠩᠭᠤᠯ ᠸᠠᠩ᠂ ᠾᠧ ᠽᠧ ᠲᠠᠷᠢᠶᠠᠯᠠᠩ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠭᠤᠶᠤᠴᠢᠯᠠᠬᠤ ᠶᠢ ᠵᠣᠷᠢᠭᠵᠢᠭᠤᠯᠵᠤ᠂ ᠲᠡᠯᠡᠶ ᠵᠡᠷᠭᠡᠯᠡᠳᠡᠭᠡ ᠠᠮᠢᠳᠤ ᠪᠣᠳᠠᠰ᠂ ᠳ᠋ᠧ ᠱᠧᠩ ᠠᠮᠢᠳᠤ ᠪᠣᠳᠠᠰ ᠤᠨ ᠵᠥᠪᠰᠢᠶᠡᠷᠡᠯ ᠣᠯᠣᠭᠰᠠᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠠᠬᠢᠭᠤᠯᠤᠨ ᠠᠬᠢᠭᠤᠯᠵᠤ᠂ ᠪᠦᠳᠦᠭᠦᠨ ᠣᠶ ᠶᠢᠨ ᠬᠡᠯᠪᠡᠷᠢ ᠶᠢᠨ ᠡᠯᠡᠰᠦ᠂ ᠨᠠᠷᠢᠯᠢᠭ ᠠᠵᠤ ᠦᠢᠯᠡᠳᠪᠦᠷᠢ ᠶᠢᠨ ᠪᠢᠳᠦᠷᠶ᠎ᠡ ᠶᠢ ᠪᠣᠶᠢᠵᠢᠭᠤᠯᠤᠨ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠳᠠᠰᠢ ᠲᠦᠷᠭᠡᠨ ᠬᠥᠭᠵᠢᠭᠦᠯᠵᠦ᠂ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ︽ᠲᠠᠰ ᠱᠠᠲᠤ ᠲᠠᠢ᠂ ᠳᠠᠪᠠᠭᠤᠯᠢᠭ ᠨᠢ ᠬᠠᠷᠢᠯᠴᠠᠨ ᠨᠥᠬᠦᠪᠦᠷᠢᠯᠡᠭᠰᠡᠨ︾ ᠵᠦᠷᠢᠶᠡᠴᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ ᠰᠦᠯᠢᠶᠥᠦ ᠰᠢᠯᠢᠳᠡᠭ ᠲᠠᠪᠴᠠᠩ ᠤᠨ ᠠᠴᠢᠶᠠᠯᠠᠭᠴᠢ ᠶᠢ ᠪᠣᠶᠢᠵᠢᠭᠤᠯᠤᠨ᠎ᠠ᠃ ︽ᠮᠦ ᠪᠦᠷᠢ ᠳᠤ ᠴᠥᠮ ᠪᠠᠭᠠᠲᠤᠷ ᠢᠶᠠᠷ ᠲᠣᠭᠠᠴᠠᠬᠤ︾ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠂ ︽ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠤᠨ᠎ᠠ᠃ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠰᠤᠳᠤᠯᠤᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠣᠨᠣᠪᠴᠢᠲᠠᠶ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠵᠥᠪᠰᠢᠶᠡᠷᠡᠯ ᠢ ᠤᠷᠤᠭᠰᠢᠲᠠᠢ ᠣᠯᠬᠤ ᠪᠠᠷ ᠴᠢᠷᠮᠠᠶᠢᠨ᠎ᠠ᠃ ᠾᠦᠥᠸ᠋ ᠮᠧᠶ ᠶᠡᠭᠡ ᠵᠡᠭᠡᠯᠢ ᠶᠢᠨ ᠪᠥᠬᠦ ᠲᠠᠯ᠎ᠠ ᠪᠠᠷ ᠲᠡᠷᠭᠡ ᠨᠡᠪᠲᠡᠷᠡᠬᠦ ᠶᠢ ᠭᠤᠣᠯᠳᠠᠯᠭ᠎ᠠ ᠲᠠᠢ ᠪᠠᠲᠤᠯᠠᠵᠤ᠂ ᠵᠥᠩ ᠬᠥᠩᠭᠡᠨ ᠴᠠᠭᠠᠨ ᠤ ᠶᠡᠭᠡ ᠵᠡᠭᠡᠯᠢ ᠶᠢᠨ ᠵᠡᠭᠦᠨ ᠬᠡᠰᠡᠭ᠂ ᠯᠦ ᠭᠠᠩ ᠶᠡᠭᠡ ᠵᠡᠭᠡᠯᠢ᠂ ᠬᠥᠩᠭᠡᠨ ᠴᠠᠭᠠᠨ ᠤ ᠦᠢᠯᠡᠰ ᠤᠨ ᠶᠡᠭᠡ ᠵᠡᠭᠡᠯᠢ ᠵᠡᠷᠭᠡ ᠵᠠᠮ ᠤᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠰᠢᠭᠠᠷᠤ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ ᠳᠤᠮᠳᠠᠳᠤ ᠤᠯᠤᠰ ᠤᠨ ᠤᠰᠤᠨ ᠤ ᠦᠢᠯᠡᠳᠪᠦᠷᠢ ᠶᠢᠨ ᠲᠠᠰ ᠳᠡᠪᠰᠢᠭᠦᠯᠦᠨ ᠥᠭᠡᠷᠡᠴᠢᠯᠡᠬᠦ᠂ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠷ ᠭᠤᠣᠯ ᠴᠣᠭᠴᠠ ᠪᠣᠯᠭᠠᠭᠰᠠᠨ᠂ ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠦᠭᠡᠭᠡᠬᠦ ᠪᠠ ᠡᠬᠢ ᠲᠣᠣᠷ ᠤᠨ ᠴᠡᠨᠡᠭ ᠨᠥᠭᠡᠴᠡᠯᠡᠬᠦ ᠪᠠᠷ ᠨᠥᠬᠦᠪᠦᠷᠢ ᠪᠣᠯᠭᠠᠭᠰᠠᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠤᠨ᠂ ︽ᠪᠠᠷᠢᠮᠵᠢᠶ᠎ᠠ ᠪᠠᠷ ᠰᠢᠯᠵᠢᠭᠦᠯᠦᠨ ᠬᠤᠳᠠᠯᠳᠤᠬᠤ︾ ᠵᠡᠷᠭᠡ ᠵᠠᠭᠪᠤᠷ ᠢ ᠳᠡᠯᠭᠡᠷᠡᠭᠦᠯᠦᠨ ᠨᠠᠶᠢᠳᠠᠪᠤᠷᠢᠵᠢᠭᠤᠯᠵᠤ᠂ ᠣᠯᠠᠨ ᠬᠡᠮᠵᠢᠶ᠎ᠡ ᠪᠠᠷ ᠡᠨᠧᠷᠭᠢ ᠣᠯᠭᠤᠬᠤ ᠬᠦᠷᠢᠶᠡᠯᠡᠩ ᠲᠣᠭᠤᠷᠢᠭ ᠢ ᠲᠦᠷᠭᠡᠨ ᠬᠥᠭᠵᠢᠭᠦᠯᠦᠨ᠎ᠡ᠃       ︵ᠭᠤᠷᠪᠠ︶ ᠴᠢᠳᠠᠪᠤᠷᠢ ᠶᠢᠨ ᠲᠠᠰ ᠢ ᠥᠷᠭᠡᠳᠬᠡᠨ ᠶᠠᠰᠤ ᠴᠢᠨᠠᠷ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠷᠡᠭᠯᠡᠭᠡᠨ ᠤ ᠬᠠᠩᠭᠠᠯᠭ᠎ᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ︽ᠰᠠᠴᠤᠷᠠᠭ ᠤᠨ ᠦᠢᠯᠡᠳᠦᠯ︾ ᠢ ᠪᠠᠳᠠᠷᠠᠭᠤᠯᠵᠤ᠂ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠬᠦᠴᠦᠨ᠂ ᠥᠷᠢᠰᠦᠯᠳᠦᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠢ ᠲᠠᠰᠤᠷᠠᠯᠳᠡ ᠬᠡᠷᠡᠭᠯᠡᠭᠡ ᠶᠢ ᠰᠡᠷᠭᠦᠭᠡᠵᠦ ᠲᠡᠰ ᠳᠡᠪᠰᠢᠭᠦᠯᠬᠦ ᠶᠢ ᠥᠨᠳᠥᠷ ᠲᠦᠪᠰᠢᠨ ᠢᠶᠠᠷ ᠲᠦᠯᠬᠢᠨ ᠠᠬᠢᠭᠤᠯᠤᠨ᠎ᠠ᠃ ︽ᠨᠢᠭᠡ ᠣᠷᠣᠨ ᠨᠢᠭᠡ ᠪᠦᠰᠡ ᠲᠦᠷᠪᠡᠨ ᠬᠤᠳᠠᠯᠳᠤᠭᠠᠨ ᠤ ᠲᠣᠭᠤᠷᠢᠭ ᠨᠠᠢᠮᠠᠨ ᠵᠠᠬ᠎ᠠ ᠳᠡᠯᠭᠡᠭᠦᠷ︾ ᠤᠨ ᠬᠥᠭᠵᠢᠯᠲᠡ ᠶᠢᠨ ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠲᠡᠰ ᠳᠠᠪᠬᠤᠷᠭ᠎ᠠ ᠨᠢ ᠲᠣᠳᠣᠷᠬᠠᠢ᠂ ᠪᠠᠶᠢᠷᠢᠰᠢᠯ ᠨᠢ ᠥᠨᠳᠥᠷ ᠪᠦᠲᠦᠮᠵᠢᠲᠡᠶ᠂ ᠴᠢᠳᠠᠮᠵᠢ ᠨᠢ ᠪᠦᠷᠢᠨ ᠲᠡᠭᠦᠯᠳᠡᠷ ᠬᠤᠳᠠ ᠶᠢᠨ ᠬᠡᠷᠡᠭᠯᠡᠭᠡᠨ ᠤ ᠣᠷᠣᠨ ᠵᠠᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠰᠢᠶᠠᠨ ᠳᠤ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠬᠤᠲᠠ ᠬᠥᠳᠡᠭᠡ ᠶᠢᠨ ᠬᠡᠷᠡᠭᠯᠡᠭᠡᠨ ᠤ ᠲᠡᠮᠳᠡᠭᠲᠦ ᠶᠢᠨ ︽ᠦᠷᠡᠵᠢᠭᠦᠯᠬᠦ ᠲᠤᠭ᠎ᠠ ᠶᠢᠨ ᠦᠢᠯᠡᠳᠦᠯ︾ ᠢ ᠦᠷᠭᠦᠯᠵᠢᠯᠡᠨ ᠥᠷᠭᠡᠳᠬᠡᠵᠦ᠂ ᠪᠥᠬᠦ ᠴᠠᠷᠠᠭ᠎ᠠ ᠪᠥᠬᠦ ᠤᠯᠠᠷᠢᠯ ᠳᠤ ᠠᠷᠠᠳ ᠲᠤ ᠠᠰᠢᠭ ᠬᠦᠷᠲᠡᠭᠡᠵᠦ ᠮᠠᠰᠢᠨ ᠲᠡᠷᠭᠡ ᠬᠤᠳᠠᠯᠳᠤᠨ ᠠᠪᠬᠤ᠂ ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠪᠠᠳᠠᠷᠠᠭᠤᠯᠬᠤ ᠶᠢ ᠠᠬᠢᠭᠤᠯᠤᠨ᠎ᠠ᠃ ᠬᠤᠩ ᠮᠧᠩ ᠤᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠤᠮᠠᠷᠠᠲᠤ ᠶᠢᠨ ᠣᠯᠠᠨ ᠤᠯᠤᠰ ᠤᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠲᠷᠠᠶᠢᠰ ᠵᠢᠵᠢᠭ ᠪᠠᠯᠭᠠᠰᠤ᠂ ᠳ᠋ᠠ ᠷᠦᠨ ᠹᠠ ᠬᠤᠶᠠᠳᠤᠭᠠᠷ ᠳᠡᠯᠭᠡᠭᠦᠷ᠂ ᠰᠢᠨ ᠰᠢᠤᠸᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠲᠡᠳᠡᠨ ᠣᠷᠣᠭᠤᠯᠵᠤ ᠭᠡᠷ᠎ᠡ ᠲᠣᠭᠲᠠᠨ ᠰᠠᠭᠤᠷᠢᠰᠢᠭᠤᠯᠤᠨ᠎ᠠ᠃ ︽ᠲᠠᠯ᠎ᠠ ᠨᠤᠲᠤᠭ ᠤᠨ ᠬᠤᠲᠠ ᠶᠢᠨ ᠵᠣᠴᠢᠯᠠᠬᠤ ᠲᠢᠩᠬᠢᠮ᠂ ᠲᠦᠩᠯᠢᠶᠣᠣ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠮᠣᠷᠢᠨ ᠰᠦᠮ᠎ᠡ ᠶᠢᠨ ᠵᠢᠭᠤᠯᠴᠢᠯᠠᠯ ᠤᠨ ᠵᠠᠰᠠᠮᠠᠯ ᠵᠠᠮ ᠢ ᠡᠬᠢᠯᠡᠨ ᠪᠦᠲᠦᠭᠡᠨ ᠪᠠᠶᠢᠭᠤᠯᠵᠤ᠂ ᠭᠤᠣᠯ ᠤᠨ ᠬᠥᠪᠡᠭᠡᠨ ᠳᠠᠬᠢ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠠᠮᠠᠷᠠᠯᠲᠠ ᠶᠢᠨ ᠶᠡᠷᠦᠩᠬᠡᠶᠢᠯᠡᠭᠰᠡᠨ ᠴᠣᠭᠴᠠ᠂ ᠮᠣᠷᠢᠨ ᠰᠦᠮ᠎ᠡ ᠶᠢᠨ ᠺᠠᠩ ᠶᠠᠩ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠬᠤᠷᠴᠢᠨ ᠤ ᠣᠶᠤᠨᠲᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠲᠦᠩᠯᠢᠶᠣᠣ ᠶᠢᠨ ᠤᠷᠭᠤᠮᠠᠯ ᠤᠨ ᠬᠦᠷᠢᠶᠡᠯᠡᠩ ᠤᠨ ᠰᠣᠶᠣᠯ ᠤᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠣᠶᠢᠷ᠎ᠠ ᠲᠡᠭᠦᠷᠭᠡ ᠶᠢᠨ ᠵᠢᠭᠤᠯᠴᠢᠯᠠᠯ᠂ ᠭᠡᠷ ᠪᠦᠯᠢ ᠶᠢᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠤᠬᠠᠭᠠᠯᠠᠨ ᠭᠠᠷᠭᠠᠵᠤ᠂ ︽ᠣᠶᠢᠷ᠎ᠠ  ᠠᠴᠠ ᠪᠠᠶᠠᠰᠤᠨ ᠬᠤᠯᠠ  ᠠᠴᠠ ᠢᠷᠡᠬᠦ︾ ᠵᠢᠭᠤᠯᠴᠢᠯᠠᠯ ᠤᠨ ᠵᠣᠷᠢᠭᠰᠠᠨ ᠭᠠᠵᠠᠷ ᠢ ᠢᠳᠡᠪᠬᠢᠲᠡᠢ ᠴᠣᠭᠴᠠᠯᠠᠨ ᠪᠠᠶᠢᠭᠤᠯᠤᠨ᠎ᠠ᠃       ᠪᠠᠷᠠᠭᠠᠨ ᠤ ᠭᠦᠢᠯᠭᠡᠭᠡ ᠶᠢᠨ ᠨᠡᠪᠲᠡᠷᠡᠬᠦ ᠴᠢᠳᠠᠪᠤᠷᠢ ᠶᠢ ᠤᠯᠠᠨ ᠳᠡᠰ ᠳᠠᠪᠬᠤᠷᠭ᠎ᠠ ᠪᠠᠷ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠤᠨ ᠵᠣᠬᠢᠶᠠᠨ ᠪᠠᠶᠢᠭᠤᠯᠵᠤ ᠡᠵᠡᠩᠨᠡᠬᠦ ᠵᠠᠭᠪᠤᠷ ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤᠵᠢᠭᠤᠯᠤᠨ ᠨᠡᠪᠲᠡᠷᠡᠭᠦᠯᠬᠦ ᠶᠢ ᠠᠬᠢᠭᠤᠯᠵᠤ᠂ ᠳᠣᠲᠣᠭᠠᠳᠤ ᠳᠠᠭᠠᠨ ᠲᠥᠪᠯᠡᠷᠡᠭᠦᠯᠬᠦ᠂ ᠭᠠᠳᠠᠭᠠᠳᠤ ᠳᠤ ᠰᠠᠴᠤᠷᠠᠭᠯᠠᠨ ᠨᠥᠯᠥᠭᠡᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ᠂ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠪᠠᠷᠠᠭᠤᠨ ᠬᠡᠰᠡᠭ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾ ᠳᠠᠮᠵᠢᠭᠤᠯᠬᠤ ᠵᠠᠩᠭᠢᠯᠠᠭ᠎ᠠ ᠶᠢᠨ ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠲᠦᠭᠦᠬᠡᠢ ᠰᠢᠨ᠎ᠡ ᠰᠣᠷᠭᠤᠭ ᠬᠡᠷᠡᠭᠯᠡᠭᠡᠨ ᠤ ᠵᠦᠢᠯ ᠤᠨ ᠳᠡᠭᠡᠭᠰᠢ ᠳᠣᠷᠣᠭᠰᠢ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠲᠦᠷᠭᠡᠨ ᠬᠦᠷᠭᠡᠯᠲᠡ ᠶᠢᠨ ᠣᠶᠤᠨᠴᠢ ᠢᠯᠭᠠᠯᠲᠠ ᠶᠢᠨ ᠲᠥᠪ ᠪᠠ ᠣᠶᠤᠨᠲᠤ ᠡᠭᠦᠯᠡᠨ ᠬᠥᠮᠥᠷᠭᠡ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠶᠡᠬᠡᠪᠡᠷ ᠬᠥᠭᠵᠢᠭᠦᠯᠵᠦ᠂ ᠲᠤᠭ᠎ᠠ ᠪᠠᠷᠢᠮᠲᠠ ᠪᠠᠷ ᠡᠨᠧᠷᠭᠢ ᠣᠯᠭᠤᠵᠤ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠣᠯᠯᠠᠬᠤ ᠠᠵᠤ ᠦᠢᠯᠡᠰ ᠤᠨ ᠰᠠᠭᠤᠷᠢᠨ ᠭᠠᠵᠠᠷ ᠤᠨ ᠲᠣᠭᠤᠷᠢᠨ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠶᠡᠷᠦᠩᠬᠡᠶᠢᠯᠡᠭᠰᠡᠨ ᠮᠠᠰᠢᠨ ᠲᠡᠷᠭᠡ ᠲᠣᠬᠢᠷᠠᠭᠤᠯᠬᠤ ᠬᠤᠲᠠ᠂ ᠣᠶᠤᠨᠴᠢᠯᠠᠭᠰᠠᠨ 5G ᠮᠠᠰᠢᠨ ᠲᠡᠷᠭᠡᠨ ᠤ ᠤᠯᠠᠭ᠎ᠠ ᠥᠷᠲᠡᠭᠡ ᠵᠡᠷᠭᠡ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠥᠨᠳᠥᠷ ᠦᠷ᠎ᠡ ᠪᠦᠲᠦᠮᠵᠢ ᠲᠠᠢ᠂ ᠥᠪᠡᠷ ᠤᠨ ᠥᠷᠲᠡᠭ ᠢᠶᠠᠷ ᠳᠣᠣᠷ᠎ᠠ᠂ ᠣᠷᠣᠨ ᠪᠦᠰᠡ ᠶᠢᠨ ᠣᠨᠴᠠᠯᠢᠭ ᠲᠠᠢ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠲᠦᠷᠭᠡᠳᠬᠡᠨ ᠪᠠᠶᠢᠭᠤᠯᠤᠨ᠎ᠠ᠃       ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠡᠯᠪᠡᠷᠢ ︽ᠬᠤᠶᠠᠷ ᠠᠵᠤ ᠦᠢᠯᠡᠰ ᠤᠨ ᠨᠡᠶᠢᠯᠡᠯ︾ ᠢ ᠦᠷᠭᠦᠯᠵᠢᠯᠡᠨ ᠭᠦᠨᠵᠡᠭᠡᠢ ᠬᠠᠭᠠᠯᠪᠤᠷᠢᠯᠠᠵᠤ᠂ ᠲᠡᠷᠢᠭᠦᠨ ᠤ ᠦᠢᠯᠡᠳᠬᠦ ᠦᠢᠯᠡᠰ ᠯᠦᠭᠡ ᠲᠤᠬᠠᠶᠢᠯᠠᠭᠰᠠᠨ ᠠᠵᠢᠯ ᠤᠨ ᠬᠤᠯᠪᠣᠭ᠎ᠠ᠂ ᠬᠡᠯᠬᠢᠶᠡᠵᠢᠯ ᠤᠨ ᠦᠷᠭᠦᠯᠵᠢᠯᠡᠯ᠂ ᠮᠡᠷᠭᠡᠵᠢᠯ ᠤᠨ ᠨᠡᠪᠴᠢᠯᠲᠡ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠵᠡᠷᠭᠡ ᠥᠷᠲᠡᠭ ᠨᠡᠮᠡᠭᠳᠡᠯ ᠤᠨ ᠦᠢᠯᠡᠴᠢᠯᠡᠭᠡ ᠪᠠᠷ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠳᠡᠭᠡᠳᠦ ᠲᠠᠰ ᠤᠨ ᠪᠠ ᠲᠤᠰᠬᠠᠶᠢᠵᠢᠯᠲᠠ ᠳᠠᠰᠢ ᠬᠥᠭᠵᠢᠬᠦ ᠶᠢ ᠠᠬᠢᠭᠤᠯᠤᠨ᠎ᠠ᠃ ᠳᠡᠭᠡᠳᠦ ᠬᠤᠷᠳᠤᠴᠠᠲᠤ ᠲᠡᠮᠦᠷ ᠵᠠᠮ ᠤᠨ ᠡᠮᠦᠨ᠎ᠡ ᠲᠠᠯᠠᠪᠠᠶ ᠶᠢᠨ ᠠᠵᠤ ᠠᠬᠤᠢ ᠶᠢᠨ ᠬᠦᠷᠢᠶ᠎ᠡ ᠵᠡᠷᠭᠡ ᠰᠢᠨ᠎ᠡ ᠨᠢᠭᠡ ᠦᠶ᠎ᠡ ᠶᠢᠨ ᠬᠤᠳᠠᠯᠳᠤᠭᠠᠨ ᠤ ᠬᠦᠷᠢᠶ᠎ᠡ ᠶᠢ ᠭᠦᠨᠵᠡᠭᠡᠢ ᠪᠣᠶᠢᠵᠢᠭᠤᠯᠵᠤ᠂ ᠣᠨᠢᠰᠤ ᠶᠢ ᠨᠢ ᠨᠡᠭᠡᠭᠡᠵᠦ ᠵᠢᠪᠦᠭᠦᠯᠬᠦ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ ᠣᠶᠤᠨᠲᠤ ᠬᠥᠷᠥᠩᠭᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠣᠯᠠᠨ ᠡᠰᠢᠲᠦ ᠦᠢᠯᠡᠴᠢᠯᠡᠭᠡᠨ ᠤ ᠵᠠᠭᠪᠤᠷ ᠲᠤ ᠴᠢᠨᠠᠷ ᠰᠠᠶᠢᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠶᠢᠭᠤᠯᠤᠮᠵᠢ ᠶᠢ ᠬᠦᠴᠦᠯᠡᠨ ᠣᠷᠣᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠲᠣᠭᠠᠴᠢᠯᠠᠭᠰᠠᠨ ᠰᠢᠨ᠎ᠡ ᠵᠠᠭᠤᠴᠢᠯᠠᠭᠤᠷ᠂ ᠵᠥᠭᠡᠯᠡᠨ ᠲᠣᠨᠤᠭ ᠢ ᠭᠠᠳᠠᠭᠰᠢ ᠳᠠᠭᠠᠭᠠᠴᠢᠯᠠᠭᠤᠯᠬᠤ᠂ ᠰᠢᠨ᠎ᠡ ᠪᠠᠷ ᠪᠣᠶ ᠪᠣᠯᠤᠭᠰᠠᠨ ᠵᠢᠵᠢᠭᠯᠡᠨ ᠬᠤᠳᠠᠯᠳᠤᠬᠤ᠂ ᠰᠣᠶᠣᠯ ᠤᠨ ᠪᠦᠲᠦᠭᠡᠯᠴᠢ ᠰᠡᠳᠬᠢᠮᠵᠢ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠣᠯᠳᠠᠯᠭ᠎ᠠ ᠲᠠᠢ ᠲᠡᠳᠬᠦᠵᠦ᠂ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃       ︵ᠳᠥᠷᠪᠡ︶ ᠠᠮᠢ ᠠᠬᠤᠢ ᠶᠢ ᠬᠠᠮᠠᠭᠠᠯᠠᠵᠤ ᠠᠮᠢ ᠠᠬᠤᠢ ᠶᠢ ᠰᠢᠯᠢᠳᠡᠭᠵᠢᠭᠦᠯᠬᠦ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ︽ᠬᠤᠶᠠᠷ ᠠᠭᠤᠯᠠ︾ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠥᠭᠵᠢᠯᠲᠡ ᠬᠢᠭᠡᠳ ᠬᠠᠮᠠᠭᠠᠯᠠᠯᠲᠠ ᠶᠢ ᠵᠣᠬᠢᠴᠠᠯᠳᠤᠭᠤᠯᠤᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠳᠣᠬᠢᠴᠢᠯᠠᠭᠰᠠᠨ ᠬᠤᠷᠴᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠠᠮᠢ ᠠᠬᠤᠢ ᠶᠢᠨ ᠰᠠᠭᠤᠷᠢ ᠥᠩᠭᠡ ᠶᠢ ᠵᠤᠵᠠᠭᠠᠨ ᠤᠷᠭᠤᠭᠤᠯᠵᠤ ᠥᠭᠭᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠲᠦᠩᠯᠢᠶᠣᠣ ᠶᠢᠨ ᠢᠯᠴᠢ ᠴᠠᠬᠢᠯᠭᠠᠨ ᠢᠯᠴᠢ ᠬᠠᠩᠭᠠᠬᠤ ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠮᠣᠩᠭᠤᠯ ᠸᠠᠩ ᠤᠨ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠵᠤ᠂ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠤ ︽ᠵᠠᠭᠠᠭᠯᠠᠨ ᠲᠣᠭᠲᠠᠭᠠᠬᠤ᠂ ᠪᠠᠶᠢᠭᠤᠯᠬᠤ᠂ ᠵᠠᠰᠠᠬᠤ︾ ᠠᠵᠢᠯ ᠢ ᠢᠳᠡᠪᠬᠢᠲᠡᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠤᠣᠯᠳᠠᠯᠭ᠎ᠠ ᠲᠠᠢ ᠤᠰᠤᠨ ᠳᠤ ᠬᠤᠯᠪᠣᠭᠳᠠᠬᠤ ᠨᠢᠭᠡᠴᠡ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠥᠨᠳᠥᠷ ᠪᠠᠷᠢᠮᠵᠢᠶ᠎ᠠ ᠪᠠᠷ ᠬᠠᠮᠠᠭᠠᠯᠠᠨ᠎ᠠ᠃ ᠪᠣᠬᠢᠷᠲᠤᠭᠳᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠤᠬᠠᠢ ᠨᠠᠷᠢᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢ ᠲᠦᠷᠭᠡᠪᠴᠢᠯᠡᠨ ᠪᠠᠶᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠣᠷᠴᠢᠨ ᠠᠬᠤᠢ ᠶᠢᠨ ᠶᠠᠰᠤ ᠴᠢᠨᠠᠷ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ       ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠬᠦᠴᠦᠲᠡᠢ ᠲᠦᠯᠬᠢᠨ ᠠᠬᠢᠭᠤᠯᠵᠤ᠂ 11.4 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠦᠨᠡᠨ ᠬᠦ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠢ ᠠᠷᠪᠢᠯᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠶᠢ ᠴᠢᠩᠭᠠᠳᠬᠠᠨ᠎ᠠ᠃ ᠤᠰᠤᠨ ᠤ ᠡᠬᠢ ᠰᠤᠷᠪᠤᠯᠵᠢ ᠶᠢ ᠰᠣᠯᠢᠬᠤ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ LXB ᠶᠢᠨ ᠤᠰᠤ ᠬᠠᠩᠭᠠᠬᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠨᠢᠩ ᠤᠨ ᠤᠰᠤ ᠶᠢ ᠲᠤᠰᠠᠯᠠᠬᠤ ᠬᠤᠶᠠᠳᠤᠭᠠᠷ ᠬᠤᠭᠤᠴᠠᠭᠠᠨ ᠤ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠤᠰᠤ ᠲᠣᠬᠢᠷᠠᠭᠤᠯᠬᠤ ᠶᠢ ᠦᠷᠭᠦᠯᠵᠢᠯᠡᠨ ᠥᠷᠨᠢᠭᠦᠯᠵᠦ᠂ ᠭᠠᠵᠠᠷ ᠳᠣᠣᠷᠠᠬᠢ ᠤᠰᠤ ᠶᠢ ᠲᠠᠲᠠᠵᠤ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠴᠢᠩᠭ᠎ᠠ       ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠬᠥᠲᠥᠯᠥᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠨᠠᠷᠢᠯᠢᠭ ᠠᠵᠤ ᠦᠢᠯᠡᠳᠪᠦᠷᠢ ᠶᠢᠨ ᠬᠥᠬᠡ ᠡᠷᠳᠡᠨᠢ ᠶᠢᠨ ᠴᠢᠯᠠᠭᠤ ᠶᠢᠨ ᠦᠢᠯᠡᠳᠪᠦᠷᠢ ᠶᠢᠨ ᠲᠠᠰᠤᠭ ᠤᠨ ᠤᠰᠤᠨ ᠤ ᠡᠷᠭᠢᠯᠲᠡ ᠶᠢᠨ ᠢᠨᠵᠧᠨᠧᠷᠢᠩ ᠤᠨ ᠥᠭᠡᠷᠡᠴᠢᠯᠡᠯᠲᠡ ᠵᠡᠷᠭᠡ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠠᠩ ᠳᠣᠣᠷ᠎ᠠ ᠡᠬᠢ ᠪᠠᠶᠠᠯᠢᠭ ᠤᠨ ᠣᠷᠣᠭᠤᠯᠤᠯᠲᠠ᠂ ᠨᠠᠩ ᠥᠨᠳᠥᠷ ᠡᠵᠡᠩᠨᠡᠯᠲᠡ ᠶᠢᠨ ᠦᠷ᠎ᠡ ᠪᠦᠲᠦᠮᠵᠢ ᠪᠠᠷ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠪᠣᠬᠢᠷᠲᠤᠯ ᠦᠭᠡᠢ ᠪᠠᠶᠢᠭᠤᠯᠬᠤ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ ᠂ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠣᠷᠣᠨ ᠤ ᠳᠣᠲᠣᠷ᠎ᠠ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠣᠬᠢᠷᠲᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠤᠰᠤᠨ ᠤ ᠬᠤᠷᠣᠭᠳᠠᠭᠤᠯᠤᠯ ᠶᠡᠬᠡᠲᠡᠢ ᠵᠦᠢᠯᠡᠰ ᠢ ᠴᠢᠩᠭ᠎ᠠ ᠬᠢᠵᠠᠭᠠᠷᠯᠠᠨ᠎ᠠ᠃ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠤᠨ᠎ᠠ᠃       ︵ᠲᠠᠪᠤ︶ ᠴᠢᠳᠠᠮᠵᠢ ᠶᠢ ᠴᠢᠩᠭᠠᠳᠬᠠᠨ ᠳᠦᠷᠢ ᠲᠥᠷᠬᠦ ᠶᠢ ᠱᠤᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠰᠢᠨ᠎ᠡ ᠳᠦᠷᠰᠦ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ︽ᠬᠤᠲᠠ︾ ᠶᠢ ᠰᠠᠶᠢᠲᠤᠷ ᠪᠦᠲᠦᠭᠡᠨ ᠪᠠᠶᠢᠭᠤᠯᠬᠤ᠂ ︽ᠬᠤᠲᠠ︾ ᠶᠢ ᠰᠠᠶᠢᠲᠤᠷ ᠪᠣᠶᠢᠵᠢᠭᠤᠯᠬᠤ ᠰᠡᠳᠬᠢᠬᠦᠢ ᠣᠨᠣᠯᠵᠢᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ᠂ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠨ᠂ ᠬᠤᠲᠠ ᠶᠢᠨ ᠰᠢᠨᠡᠴᠢᠯᠡᠯᠲᠡ ᠶᠢᠨ ︽ᠶᠡᠭᠡ ᠠᠵᠢᠯ︾ ᠢ ᠭᠦᠢᠴᠡᠳ ᠬᠢᠵᠦ᠂ ᠬᠤᠲᠠ ᠶᠢᠨ ᠶᠠᠰᠤ ᠴᠢᠨᠠᠷ ᠤᠨ ︽ᠶᠡᠭᠡ ᠦᠰᠦᠷᠦᠯᠲᠡ︾ ᠶᠢ ᠠᠬᠢᠭᠤᠯᠤᠨ᠂ ᠬᠤᠲᠠ ᠶᠢᠨ ᠳᠠᠭᠠᠭᠠᠴᠠ᠂ ᠰᠠᠴᠤᠷᠠᠭᠯᠠᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠭᠤᠣᠯ ᠬᠤᠲᠠ ᠲᠣᠭᠤᠷᠢᠭ ᠤᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠠᠵᠠ ᠲᠣᠬᠢᠶᠠᠯ ᠢ ᠪᠠᠲᠤ ᠡᠵᠡᠮᠳᠡᠵᠦ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠬᠤᠲᠠ ᠶᠢᠨ ᠵᠡᠭᠦᠨᠰᠢ ᠬᠥᠭᠵᠢᠬᠦ ᠣᠷᠣᠨ ᠵᠠᠢ ᠶᠢ ᠪᠥᠬᠦ ᠲᠠᠯ᠎ᠠ ᠪᠠᠷ ᠥᠷᠭᠡᠳᠬᠡᠨ᠎ᠡ᠃ ᠬᠤᠲᠠ ᠶᠢᠨ ᠵᠡᠭᠦᠨᠳᠡᠬᠢ ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ ᠰᠠᠭᠤᠷᠢ ᠪᠠ ᠲᠥᠬᠦᠷ ᠳᠠᠪᠠᠭᠤᠯᠢᠭ ᠲᠤ ᠲᠦᠰᠢᠭᠯᠡᠨ᠂ ᠬᠢᠲᠠᠳ ᠮᠣᠩᠭᠤᠯ ᠡᠮ ᠡᠮᠨᠡᠯᠭᠡ᠂ ᠢᠳᠡᠭᠡᠨ ᠡᠳ᠋ᠰᠢᠭᠦᠯᠬᠦ ᠵᠡᠷᠭᠡ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠬᠤᠲᠠ ᠶᠢᠨ ᠬᠥᠩᠭᠡᠨ ᠠᠵᠤ ᠦᠢᠯᠡᠳᠪᠦᠷᠢ ᠶᠢ ᠲᠦᠷᠭᠡᠳᠬᠡᠨ ᠪᠣᠶᠢᠵᠢᠭᠤᠯᠤᠨ᠎ᠠ᠃ ᠬᠤᠩ ᠮᠧᠩ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠬᠢ ᠪᠠᠶᠠᠯᠢᠭ ᠢ ᠰᠢᠰᠲ᠋ᠧᠮ ᠲᠠᠢ ᠪᠠᠷ ᠡᠮᠬᠢᠯᠡᠨ ᠨᠡᠶᠢᠯᠡᠭᠦᠯᠵᠦ᠂ ᠲᠠᠷᠠᠬᠠᠢ ᠪᠤᠲᠠᠷᠬᠠᠢ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠵᠤ᠂ ᠨᠠᠷᠠᠲᠤ ᠲᠥᠷᠥᠯ ᠲᠡᠮᠳᠡᠭᠵᠢᠭᠦᠯᠬᠦ᠂ ᠬᠡᠪᠴᠢᠶᠡᠵᠢᠭᠦᠯᠦᠨ ᠬᠥᠭᠵᠢᠭᠦᠯᠬᠦ ᠶᠢ ᠪᠡᠶᠡᠯᠡᠭᠦᠯᠦᠨ᠎ᠡ᠃ ᠰᠢᠨ᠎ᠡ ᠠᠵᠤ ᠦᠢᠯᠡᠳᠪᠦᠷᠢ ᠬᠤᠶᠠᠳᠤᠭᠠᠷ ᠵᠠᠮ ᠵᠡᠷᠭᠡ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠢᠨᠵᠧᠨᠧᠷᠢᠩ ᠢ ᠲᠦᠷᠭᠡᠪᠴᠢᠯᠡᠨ ᠡᠬᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠨᠢᠭᠡᠳᠦᠯᠲᠡᠢ ᠲᠥᠯᠥᠪᠯᠡᠨ ᠳᠡᠭᠡᠭᠰᠢᠯᠡᠭᠦᠯᠵᠦ᠂ ᠠᠵᠤ ᠦᠢᠯᠡᠰ ᠢ ᠲᠥᠪᠯᠡᠷᠡᠭᠦᠯᠬᠦ᠂ ᠴᠢᠨᠠᠷ ᠰᠠᠶᠢᠲᠠᠢ ᠢᠵᠢ ᠪᠦᠷᠢᠳᠦᠭᠦᠯᠬᠦ ᠪᠠᠷ ᠬᠤᠳᠠ ᠶᠢᠨ ᠵᠡᠭᠦᠨ ᠬᠡᠰᠡᠭ ᠤᠨ ᠬᠡᠰᠡᠭ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠬᠥᠭᠵᠢᠭᠡᠨ᠎ᠡ᠃ ᠳ᠋ᠠ ᠰᠢᠩ ᠭᠡᠷ ᠣᠷᠣᠨ᠂ ᠸᠠᠨ ᠬᠤᠸᠠ ᠰᠢᠩ ᠹᠦ᠋ ᠯᠢ ᠪᠠᠭ᠎ᠠ ᠲᠣᠭᠤᠷᠢᠭ ᠤᠨ ᠡᠷᠬᠢᠨ ᠲᠣᠭᠤᠷᠢᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠣᠶ ᠰᠢᠭᠤᠢ ᠶᠢᠨ ᠴᠡᠴᠡᠷᠯᠢᠭ᠂ ᠳᠡᠭᠡᠳᠦ ᠬᠤᠷᠳᠤᠴᠠᠲᠤ ᠲᠡᠮᠦᠷ ᠵᠠᠮ ᠤᠨ ᠡᠮᠦᠨ᠎ᠡ ᠲᠠᠯᠠᠪᠠᠶ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ ᠰᠤᠪᠢᠯᠠᠯᠲᠠ᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ᠂ ᠪᠡᠶ᠎ᠡ ᠶᠢᠨ ᠲᠠᠮᠢᠷ ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠤᠯᠲᠠ ᠵᠡᠷᠭᠡ ᠣᠯᠠᠨ ᠳᠠᠪᠬᠤᠷ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠦᠢ ᠵᠣᠬᠢᠰᠲᠠᠢ ᠪᠠᠶᠢᠷᠢᠰᠢᠭᠤᠯᠵᠤ᠂ ᠳ᠋ᠠ ᠰᠢᠩ ᠵᠠᠮ ᠢ ᠡᠮᠦᠨᠡᠰᠢ ᠪᠥᠬᠦ ᠱᠤᠭᠤᠮ ᠢᠶᠠᠷ ᠨᠡᠪᠲᠡᠷᠡᠭᠦᠯᠬᠦ ᠶᠢ ᠬᠦᠴᠦᠯᠡᠨ ᠠᠬᠢᠭᠤᠯᠵᠤ᠂ ᠲᠡᠮᠦᠷ ᠵᠠᠮ ᠤᠨ ᠡᠮᠦᠨ᠎ᠡ ᠬᠡᠰᠡᠭ ᠤᠨ ᠵᠠᠯᠭᠠᠯᠳᠤᠭᠰᠠᠨ ᠣᠷᠣᠨ ᠬᠢᠭᠡᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠣᠷᠭᠠᠨᠢᠭ ᠢᠶᠠᠷ ᠵᠣᠯᠭᠠᠭᠤᠯᠵᠤ᠂ ᠬᠤᠣᠰ ᠴᠢᠭᠯᠡᠯ ᠢᠶᠠᠷ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃       ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢ ᠰᠡᠳᠬᠢᠯ ᠲᠠᠯᠪᠢᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠮᠦᠷᠯᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠬᠤᠶᠠᠳᠤᠭᠠᠷ ᠬᠤᠭᠤᠴᠠᠭ᠎ᠠ᠂ ᠺᠠᠩ ᠵᠢᠶᠠ ᠯᠢ ᠶᠤᠸᠠᠨ ᠴᠡᠴᠡᠷᠯᠢᠭ᠂ ᠰᠢᠨ ᠬᠠᠢ ᠣᠯᠠᠨ ᠤᠯᠤᠰ᠂ ᠱᠣ ᠰᠢᠶᠠᠩ ᠶᠤᠸᠠᠨ ᠴᠡᠴᠡᠷᠯᠢᠭ ᠵᠡᠷᠭᠡ ᠦᠯᠡᠳᠡᠭᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ ᠪᠡᠷᠬᠡ︾ ᠶᠢ ᠰᠢᠢᠳᠪᠦᠷᠢᠯᠡᠬᠦ ᠠᠵᠢᠯ ᠢ ᠳᠠᠭᠤᠰᠬᠠᠬᠤ ᠳᠠᠶᠢᠯᠠᠯᠳᠤᠭᠠᠨ ᠢ ᠡᠬᠢᠯᠡᠭᠦᠯᠦᠨ᠎ᠡ᠃ ᠬᠤᠩ ᠭᠤᠸᠠᠩ ᠶᠡᠭᠡ ᠵᠡᠭᠡᠯᠢ ᠶᠢᠨ ᠵᠠᠮ ᠤᠨ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠳᠣᠲᠣᠭᠠᠳᠤ ᠴᠠᠭᠠᠷᠢᠭ ᠤᠨ ︽ᠭᠤᠣᠯ ᠵᠠᠮ︾ ᠢ ᠰᠠᠭᠠᠳ ᠦᠭᠡᠢ ᠨᠡᠪᠲᠡᠷᠡᠭᠦᠯᠦᠨ᠎ᠡ᠃ ᠪᠢᠨ ᠾᠧ ᠶᠡᠭᠡ ᠵᠡᠭᠡᠯᠢ᠂ ᠰᠢᠨ ᠭᠦᠩ ᠨᠢᠭᠡᠳᠦᠭᠡᠷ ᠵᠠᠮ ᠵᠡᠷᠭᠡ ᠬᠤᠳᠠ ᠶᠢᠨ ᠶᠠᠪᠤᠳᠠᠯ ᠤᠨ ᠵᠠᠮ ᠤᠨ ᠵᠦᠢᠯᠡᠰ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠶᠢᠨ ︽ᠮᠤᠬᠤᠷ ᠵᠠᠮ︾ ᠢ ᠨᠡᠪᠲᠡᠷᠡᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 66 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠳᠤᠯᠠᠭᠠᠯᠠᠬᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ 60 ᠵᠢᠵᠢᠭ ᠲᠣᠭᠤᠷᠢᠭ ᠤᠨ ᠬᠤᠶᠠᠳᠠᠭᠢ ᠤᠳᠠᠭᠠᠨ ᠤ ᠢᠯᠴᠢ ᠬᠠᠩᠭᠠᠬᠤ ᠬᠤᠭᠤᠯᠠᠢ ᠶᠢᠨ ᠲᠣᠣᠷ᠂ 20 ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠬᠤ ᠶᠢ ᠦᠨᠡᠨᠬᠦ ᠪᠠᠲᠤᠯᠠᠵᠤ᠂ ᠪᠠᠯᠭᠠᠰᠤᠨ ᠤ ᠬᠡᠪᠴᠢᠶᠡᠨ ᠳᠠᠬᠢ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠵᠡᠷᠭᠡ ᠪᠠᠷ ᠠᠬᠢᠭᠤᠯᠵᠤ᠂ ᠭᠡᠷ ᠪᠦᠯᠢ ᠨᠢᠭᠡᠪᠦᠷᠢ ᠶᠢ ᠳᠤᠯᠠᠭᠠᠨ ᠪᠦᠯᠢᠶᠡᠨ ᠢᠶᠠᠷ ᠡᠪᠦᠯᠵᠢᠭᠦᠯᠦᠨ᠎ᠡ᠃ ᠮᠢᠩ ᠷᠧᠨ ᠶᠡᠭᠡ ᠵᠡᠭᠡᠯᠢ᠂ ᠭᠤᠣᠯ ᠶᠡᠭᠡ ᠵᠡᠭᠡᠯᠢ᠂ ᠰᠢᠨ ᠭᠦᠩ ᠭᠤᠷᠪᠠᠳᠤᠭᠠᠷ ᠵᠠᠮ ᠵᠡᠷᠭᠡ ᠭᠤᠣᠯ ᠵᠠᠮ ᠤᠨ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ᠃ 3073 ᠢᠵᠢ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢ ᠭᠤᠶᠤᠴᠢᠯᠠᠨ ᠮᠡᠳᠡᠭᠦᠯᠬᠦ ᠶᠢ ᠲᠦᠷᠭᠡᠳᠬᠡᠵᠦ᠂ ᠵᠢᠯ ᠤᠨ ᠳᠣᠲᠣᠷ᠎ᠠ ᠪᠦᠬᠦᠨ ᠢ ᠲᠤᠰᠢᠶᠠᠵᠤ ᠥᠭᠬᠦ ᠪᠠᠷ ᠴᠢᠷᠮᠠᠶᠢᠵᠤ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠲᠤ ᠬᠤᠲᠠ ᠶᠢᠨ ᠬᠠᠯᠠᠭᠤᠨ ᠳᠤᠯᠠᠭᠠᠨ ᠪᠠᠶᠢᠳᠠᠯ ᠢ ᠮᠡᠳᠡᠷᠡᠭᠦᠯᠦᠨ᠎ᠡ᠃       ᠬᠤᠳᠠ ᠶᠢᠨ ᠳᠦᠷᠰᠦ ᠪᠠᠶᠢᠳᠠᠯ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ︽ᠪᠥᠬᠦ ᠤᠯᠤᠰ ᠤᠨ ᠪᠣᠯᠪᠠᠰᠤᠨ ᠬᠤᠲᠠ︾ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ  ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠬᠤᠲᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠰᠢᠯᠢᠳᠡᠭᠵᠢᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠵᠢᠯᠴᠠᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠪᠠ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠨᠤᠷᠮ᠎ᠠ ᠶᠢ ᠲᠤᠰ ᠲᠤᠰ 85%᠂ 92% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠷᠬᠦᠴᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃       ︵ᠵᠢᠷᠭᠤᠭ᠎ᠠ︶ ᠥᠭᠡᠷᠡᠴᠢᠯᠡᠯᠲᠡ ᠶᠢ ᠠᠳᠬᠤᠨ ᠨᠡᠭᠡᠭᠡᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠎ᠡ᠃ ᠥᠭᠡᠷᠡᠴᠢᠯᠡᠯᠲᠡ ᠪᠠᠷ ᠪᠡᠷᠬᠡ ᠰᠡᠳᠦᠪ ᠢ ᠰᠢᠢᠳᠪᠦᠷᠢᠯᠡᠬᠦ᠂ ᠨᠡᠭᠡᠭᠡᠯᠲᠡ ᠪᠠᠷ ᠣᠷᠣᠨ ᠵᠠᠢ ᠶᠢ ᠥᠷᠭᠡᠳᠬᠡᠬᠦ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠠᠨᠳᠤᠰᠢ᠂ ᠨᠡᠭᠡᠭᠡᠯᠲᠡ ᠶᠢᠨ ᠬᠠᠨᠳᠤᠰᠢ᠂ ᠰᠢᠨ᠎ᠡ ᠶᠢ ᠡᠭᠦᠳᠬᠦ ᠬᠠᠨᠳᠤᠰᠢ ᠶᠢ ᠪᠠᠶᠢᠭᠤᠯᠤᠯ ᠤᠨ ᠳᠠᠪᠠᠭᠤᠯᠢᠭ᠂ ᠬᠥᠭᠵᠢᠯᠲᠡ ᠶᠢᠨ ᠢᠯᠠᠯᠲᠠ ᠶᠢᠨ ᠬᠠᠨᠳᠤᠰᠢ ᠪᠣᠯᠭᠠᠨ ᠬᠤᠪᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠦᠬᠦ ᠲᠠᠯ᠎ᠠ ᠪᠠᠷ ᠬᠥᠭᠵᠢᠭᠡᠨ᠎ᠡ᠃       ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠪᠡᠯᠡ ᠲᠣᠬᠢᠷᠠᠭᠤᠯᠭ᠎ᠠ ᠶᠢ ᠳᠥᠭᠦᠮᠴᠢᠯᠡᠬᠦ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠶᠢᠯᠠᠯ ᠤᠨ ᠵᠢᠭᠡᠯᠡᠯᠭᠡ ᠣᠯᠬᠤ ᠨᠣᠷᠮ᠎ᠠ ᠶᠢ ᠪᠥᠬᠦ ᠬᠦᠴᠦᠨ ᠢᠶᠠᠷ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠠᠵᠢᠯ ᠲᠥᠷᠥᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠬᠤᠪᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠤᠨ ᠳᠡᠮᠵᠢᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠬᠤᠳᠠ ᠶᠢᠨ ᠡᠮ ᠡᠮᠨᠡᠯᠭᠡ ᠶᠢᠨ ᠪᠦᠯᠦᠭᠯᠡᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ᠂ ᠪᠠᠶᠢᠷᠢᠰᠢᠯ ᠢ ᠲᠡᠩᠴᠡᠭᠦᠷᠢᠲᠡᠢ ᠪᠠᠶᠢᠯᠭᠠᠬᠤ ᠶᠢ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠤᠷᠤᠰ ᠮᠣᠩᠭᠤᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠭᠦᠨᠵᠡᠭᠡᠶᠢᠷᠡᠭᠦᠯᠵᠦ᠂ ᠨᠡᠩ ᠤᠯᠠᠨ ᠭᠠᠳᠠᠭᠰᠢ ᠴᠢᠭᠯᠡᠭᠦᠯᠦᠭᠰᠡᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠭᠠᠳᠠᠭᠠᠳᠤ ᠪᠡᠯᠡ ᠶᠢ ᠡᠰᠢᠯᠡᠨ ᠬᠡᠷᠡᠭᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠴᠢᠭ᠋ ᠲᠤ ᠰᠠᠭᠤᠵᠤ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ ᠵᠡᠷᠭᠡ ᠬᠤᠳᠠᠯᠳᠤᠭᠠᠴᠢᠨ ᠤᠷᠢᠬᠤ ᠵᠠᠭᠪᠤᠷ ᠢ ᠭᠤᠣᠯᠳᠠᠯᠭ᠎ᠠ ᠲᠠᠢ ᠬᠡᠷᠡᠭᠯᠡᠨ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ᠂ ᠵᠥᠪᠯᠡᠭᠴᠢ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠦᠭᠡᠢ ᠴᠠᠬᠢᠯᠭᠠᠨ ᠤ ᠡᠬᠢ ᠪᠠᠶᠠᠯᠢᠭ ᠢᠶᠠᠷ ᠬᠤᠳᠠᠯᠳᠤᠭᠠᠴᠢᠨ ᠤᠷᠢᠬᠤ ᠵᠡᠷᠭᠡ ᠰᠢᠨ᠎ᠡ ᠶᠢ ᠡᠭᠦᠳᠬᠦ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠦ᠂ 100 ᠲᠥᠷᠥᠯ ᠵᠦᠢᠯ ᠢ ᠲᠡᠳᠡᠨ ᠣᠷᠣᠭᠤᠯᠬᠤ ᠶᠢ ᠴᠢᠷᠮᠠᠶᠢᠨ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ 50 ᠲᠥᠷᠥᠯ ᠵᠦᠢᠯ ᠢ ᠠᠵᠢᠯ ᠡᠬᠢᠯᠡᠭᠦᠯᠦᠨ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 20%  ᠠᠴᠠ ᠳᠡᠭᠡᠭᠰᠢ ᠨᠡᠮᠡᠭᠳᠡᠭᠦᠯᠦᠨ᠎ᠡ᠃       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠥᠯᠥ ᠪᠣᠯᠬᠤ︾ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠪᠠ ᠪᠠᠬᠢᠯᠡᠯᠲᠡ ᠶᠢ ᠡᠷᠡᠰ ᠡᠪᠳᠡᠵᠦ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠵᠦ ᠪᠠᠶᠢᠴᠠᠭᠠᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ 95%  ᠠᠴᠠ ᠥᠨᠳᠥᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠲᠣᠭᠠᠨ ᠤ ᠤᠬᠠᠭᠠᠨᠴᠢᠯᠠᠭᠰᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ︾ ᠶᠢᠨ ᠴᠢᠳᠠᠮᠵᠢ ᠶᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠮᠵᠢᠶᠠᠵᠢᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠥᠭᠡᠷᠡᠴᠢᠯᠡᠯᠲᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠪ ᠳᠠᠭᠤᠷᠢᠶᠠᠯ ᠮᠠᠶ᠋ᠢᠭ ᠤᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ︽ᠦᠨᠡᠮᠯᠡᠯ ᠦᠭᠡᠢ ᠪᠠᠷ ᠭᠦᠢᠴᠡᠳᠬᠡᠬᠦ︾ ᠵᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ︽ᠰᠢᠢᠳᠪᠦᠷᠢᠯᠡᠬᠦ ᠳᠤ ᠠᠮᠠᠷᠬᠠᠨ᠂ ᠲᠦᠷᠭᠡᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠵᠠᠰᠠᠭ ᠪᠠ ᠠᠵᠤ ᠠᠬᠤᠶᠢᠯᠠᠯ ᠤᠨ ᠬᠥᠭᠦᠷᠭᠡ ᠶᠢ ᠰᠠᠭᠠᠳ ᠦᠭᠡᠢ ᠨᠠᠪᠲᠠᠷᠡᠭᠦᠯᠵᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠶᠢ ᠠᠬᠢᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢ ᠮᠥᠷᠳᠡᠨ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠥᠬᠦ ᠲᠠᠯ᠎ᠠ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠦᠯᠲᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ 10 ᠠᠴᠠ ᠳᠡᠭᠡᠭᠰᠢ ᠣᠳᠣᠨ ᠳᠡᠰ ᠤᠨ ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠲᠥᠯᠥᠪᠦᠷᠢ ᠠᠪᠬᠤ ᠢᠯᠡᠴᠢᠯᠡᠨ ᠮᠡᠳᠡᠭᠦᠯᠬᠦ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠢᠨᠵᠢᠯᠡᠬᠦ ᠤᠬᠠᠭᠠᠨ ᠮᠡᠷᠭᠡᠵᠢᠯ ᠟ᠣᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ ᠪᠣᠶᠢᠵᠢᠭᠤᠯᠤᠨ᠂ ᠵᠢᠯ ᠤᠨ ᠳᠣᠲᠣᠷ᠎ᠠ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠠ⌶ᠢᠭ ᠤᠨ  ᠳᠤᠮᠳᠠ ᠪᠠᠭ᠎ᠠ ᠠᠵᠤ ᠠᠬᠤᠶᠢᠯᠠᠯ 30 ᠶᠢ ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠣᠪᠤᠶᠢᠯᠭᠠᠨ᠂ ᠪᠥᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠤ ᠰᠠᠶᠢᠨ ᠣᠷᠴᠢᠯ ᠢ ᠠᠬᠢᠭᠤᠯᠤᠨ᠎ᠠ᠃ ᠵᠧᠵᠢᠶᠠᠩ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠨᠴᠠᠯᠢᠭᠲᠤ ᠠᠵᠤ ᠦᠢᠯᠡᠰ᠂ ᠵᠠᠩᠭᠢᠯᠠᠭ᠎ᠠ ᠶᠢᠨ ᠬᠦᠷᠢᠶᠡᠨ ᠳᠤ ᠮᠡᠷᠭᠡᠵᠢᠯ ᠤᠨ ᠰᠢᠪᠲᠤᠯᠤᠯᠲᠠ ᠶᠢ ᠡᠷᠢᠯᠬᠢᠯᠡᠵᠦ᠂ ︽ᠵᠠᠰᠠᠭ ᠤᠨ ᠣᠷᠳᠣᠨ ᠠᠵᠤ ᠦᠢᠯᠡᠰ ᠠᠵᠤ ᠦᠢᠯᠡᠰ ᠰᠤᠳᠤᠯᠬᠤ ᠰᠤᠷᠤᠯᠴᠠᠬᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠣ︶ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠶᠡᠬᠡᠪᠡᠷ ᠲᠡᠳᠡᠨ ᠠᠪᠴᠢᠷᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠲᠥᠪᠯᠡᠷᠡᠭᠦᠯᠬᠦ︾ ᠪᠠᠶᠢᠯᠳᠤᠬᠤ ᠪᠣᠳᠣᠯᠭ᠎ᠠ ᠶᠢᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ       ︵ᠳᠣᠯᠤᠭ᠎ᠠ︶ ᠠᠷᠠᠳ ᠤᠨ ᠵᠣᠪᠠᠨᠢᠯ ᠢ ᠰᠢᠢᠳᠪᠦᠷᠢᠯᠡᠨ ᠪᠣᠳᠠᠲᠠᠢ ᠠᠵᠢᠯ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠢᠮᠠᠭᠲᠠ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢᠶᠠᠷ ᠬᠥᠭᠵᠢᠯᠲᠡ ᠶᠢᠨ ᠴᠢᠨᠠᠷ ᠴᠢᠨᠰᠠᠭ᠎ᠠ ᠶᠢ ᠰᠢᠯᠭᠠᠨ᠎ᠠ᠃       ᠠᠵᠢᠯ ᠣᠯᠭᠤᠯᠲᠠ ᠶᠢ ᠤᠷᠢᠳᠠᠪᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠲᠥᠪ᠂ ︽ᠣᠶᠤᠨᠴᠢ ᠤᠷᠢᠬᠤ ᠰᠢᠰᠲ᠋ᠧᠮ︾ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠦᠴᠦᠯᠡᠨ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ︽ᠬᠠᠪᠤᠷ ᠤᠨ ᠰᠠᠯᠬᠢᠨ ᠤ ᠠᠵᠢᠯᠯᠠᠭ᠎ᠠ︾ ᠵᠡᠷᠭᠡ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ ᠬᠠᠩᠭᠠᠵᠤ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠪᠥᠬᠦ ᠬᠦᠴᠦᠨ ᠢᠶᠠᠷ ᠢᠶᠠᠨ ᠥᠷᠭᠡᠳᠬᠡᠨ᠂ ᠮᠠᠯᠴᠢᠨ ᠲᠠᠷᠢᠶᠠᠴᠢᠨ ᠢ 8 ᠲᠦᠮᠡ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠬᠤ ᠪᠠᠷ ᠴᠢᠷᠮᠠᠶᠢᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠵᠦ᠂ ᠰᠢᠨ᠎ᠡ ᠠᠵᠢᠯ ᠮᠡᠷᠭᠡᠵᠢᠯ ᠢ ᠪᠣᠶᠢᠵᠢᠭᠤᠯᠤᠨ᠂ ᠭᠠᠷ ᠤᠷᠠᠯᠠᠯ᠂ ᠣᠬᠤᠷ ᠬᠠᠷᠠᠭᠠᠨ ᠳᠠᠪᠲᠠᠮᠵᠢ ᠪᠠᠷ ᠰᠢᠭᠤᠳ ᠨᠡᠪᠲᠡᠷᠡᠭᠦᠯᠬᠦ ᠵᠡᠷᠭᠡ ᠠᠮᠢᠳᠤᠯᠢᠭ ᠪᠥᠭᠡᠳ ᠣᠯᠠᠨ ᠡᠰᠢᠲᠦ ᠠᠵᠢᠯ ᠣᠯᠭᠤᠯᠲᠠ ᠶᠢᠨ ᠵᠠᠭᠪᠤᠷ ᠢ ᠵᠣᠷᠢᠭᠵᠢᠭᠤᠯᠤᠨ᠂ ᠭᠡᠷ ᠲᠡᠭᠡᠨ ᠰᠠᠭᠤᠵᠤ ᠠᠵᠢᠯ ᠣᠯᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠲᠦᠷᠭᠡᠪᠴᠢᠯᠡᠨ ᠪᠠᠶᠢᠭᠤᠯᠤᠨ᠎ᠠ᠃ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠤᠤᠯ ᠭᠠᠵᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠨᠠᠮᠤᠷ ᠤᠨ ᠤᠯᠠᠷᠢᠯ ᠤᠨ ᠴᠡᠴᠡᠷᠯᠢᠭ ᠨᠡᠭᠡᠭᠡᠵᠦ ᠰᠣᠷᠣᠭᠴᠢ ᠡᠯᠰᠡᠬᠦ ᠶᠢ ᠬᠦᠴᠦᠯᠡᠨ ᠠᠬᠢᠭᠤᠯᠵᠤ᠂ ᠲᠢᠶᠧ ᠨᠠᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠪᠡᠯᠡ ᠣᠷᠣᠭᠤᠯᠬᠤ ᠶᠢ ᠦᠨᠡᠨ ᠬᠦ ᠪᠠᠲᠤᠯᠠᠵᠤ᠂ ᠭᠤᠣᠯ ᠬᠤᠲᠠ ᠶᠢᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠡᠷᠳᠡᠮ ᠤᠨ ᠴᠣᠯᠠ ᠶᠢᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠲᠦᠯᠬᠢᠨ ᠠᠬᠢᠭᠤᠯᠵᠤ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠡᠷᠬᠡ ᠲᠡᠭᠰᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠷᠠᠳ  ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠲᠠ ᠶᠢᠨ ᠬᠡᠪᠴᠢᠶᠡᠨ ᠳᠠᠬᠢ ᠦᠢᠯᠡᠳᠪᠦᠷᠢᠯᠡᠯ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠳᠤ ᠣᠷᠣᠬᠤ ᠶᠢ ᠬᠥᠲᠥᠯᠥᠨ ᠵᠢᠯᠤᠭᠤᠳᠴᠤ᠂ ︽ᠰᠤᠷᠭᠠᠭᠤᠯᠢ ᠳᠡᠪᠰᠢᠬᠦ︾ ᠪᠠ ︽ᠠᠵᠢᠯ ᠣᠯᠬᠤ︾ ᠬᠤᠶᠠᠷ ᠵᠠᠮ ᠢᠶᠠᠷ ᠠᠵᠢᠯᠯᠠᠬᠤ ᠶᠢ ᠪᠡᠶᠡᠯᠡᠭᠦᠯᠦᠨ᠎ᠡ᠃ ᠪᠠᠭᠰᠢ ᠶᠢ ᠨᠥᠬᠦᠪᠦᠷᠢᠯᠡᠬᠦ ᠪᠠ ᠰᠤᠷᠭᠠᠭᠤᠯᠢ ᠠᠯᠤᠰᠯᠠᠨ ᠰᠢᠯᠵᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠥᠬᠦ ᠲᠠᠯ᠎ᠠ ᠪᠠᠷ ᠳᠡᠭᠡᠭᠰᠢᠯᠡᠬᠦ ᠶᠢ ᠠᠬᠢᠭᠤᠯᠤᠨ᠎ᠠ᠃ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠰᠤᠷᠭᠠᠨ ᠬᠥᠮᠦᠵᠢᠯ ᠢ ᠱᠠᠩᠨᠠᠵᠤ ᠰᠤᠷᠤᠯᠭ᠎ᠠ ᠶᠢ ᠱᠠᠩᠨᠠᠬᠤ᠂ ᠬᠦᠴᠢᠷᠳᠡᠯᠲᠡᠢ ᠶᠢ ᠲᠤᠰᠠᠯᠠᠨ ᠰᠤᠷᠤᠯᠭ᠎ᠠ ᠶᠢ ᠲᠡᠳᠬᠦᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠠᠪᠤᠷᠢᠲᠠᠨ ᠢ ᠦᠯᠡᠳᠡᠭᠡᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠡᠷᠡᠭᠯᠡᠯᠲᠡ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠤᠷᠭᠠᠨ ᠬᠥᠮᠦᠵᠢᠯ ᠤᠨ ᠲᠣᠭᠠᠴᠢᠯᠠᠬᠤ ᠠᠬᠢᠴᠠ ᠶᠢ ᠲᠦᠷᠭᠡᠳᠬᠡᠨ᠎ᠡ᠃ ︽ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠭᠡᠷ ᠪᠦᠯᠢ ᠰᠤᠷᠭᠠᠭᠤᠯᠢ ᠯᠤᠭ᠎ᠠ ᠬᠠᠮᠲᠤᠪᠠᠷ ᠪᠣᠶᠢᠵᠢᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ︾ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠭᠴᠢᠳ ᠤᠨ ᠡᠷᠡᠭᠦᠯ ᠴᠢᠭᠢᠷᠠᠭ ᠵᠠᠩ ᠠᠷᠠᠨᠰᠢᠨ ᠪᠠ ᠰᠠᠶᠢᠨ ᠰᠠᠶᠢᠬᠠᠨ ᠵᠠᠩ ᠳᠠᠳᠬᠠᠯ ᠢ ᠬᠥᠮᠥᠵᠢᠭᠦᠯᠦᠨ᠂ ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃       ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠲᠤᠰᠬᠠᠢ ᠰᠠᠯᠠᠭᠠᠨ ᠤ ᠠᠰᠠᠷ ᠤᠨ ᠲᠥᠷᠥᠯ ᠵᠦᠢᠯ ᠢ ᠪᠠᠶᠢᠭᠤᠯᠤᠨ ᠪᠦᠲᠦᠭᠡᠵᠦ ᠪᠡᠯᠡ ᠣᠷᠣᠭᠤᠯᠤᠨ ᠬᠡᠷᠡᠭᠯᠡᠬᠦ ᠶᠢ ᠭᠤᠣᠯᠳᠠᠯᠭ᠎ᠠ ᠲᠠᠢ ᠪᠠᠲᠤᠯᠠᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠡᠮ ᠨᠠᠶᠢᠷᠠᠭᠤᠯᠬᠤ ᠲᠠᠰᠤᠭ᠂ ᠮᠣᠩᠭᠤᠯ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠲᠤᠰᠬᠠᠢ ᠮᠡᠷᠭᠡᠵᠢᠯ ᠤᠨ ᠭᠤᠷᠪᠠᠳᠤᠭᠠᠷ ᠳᠡᠰ ᠲᠤ ᠳᠡᠪᠰᠢᠭᠦᠯᠬᠦ ᠪᠠᠷ ᠴᠢᠷᠮᠠᠶᠢᠵᠤ᠂ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠤᠨ ᠬᠥᠬᠡ ᠳᠡᠰ ᠤᠨ ᠳᠠᠬᠢᠨ ᠬᠢᠨᠠᠯᠲᠠ ᠪᠠᠷ ᠳᠡᠮᠵᠢᠨ᠂ ᠣᠷᠣᠨ ᠪᠦᠰᠡ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠠᠵᠢᠯᠲᠠᠨ ᠢ ᠬᠠᠮᠲᠤ ᠪᠠᠷ ᠬᠡᠷᠡᠭᠯᠡᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠦᠴᠦᠯᠡᠨ ᠠᠬᠢᠭᠤᠯᠵᠤ᠂ ᠲᠣᠭᠤᠷᠢᠭ ᠪᠠᠯᠭᠠᠰᠤ ᠲᠣᠰᠬᠤᠨ ᠭᠤᠷᠪᠠᠨ ᠱᠠᠲᠤ ᠶᠢ ᠨᠢᠭᠡ ᠴᠣᠭᠴᠠᠵᠢᠭᠤᠯᠤᠨ ᠬᠤᠯᠪᠤᠭᠠᠯᠠᠨ ᠬᠥᠳᠡᠯᠦᠯᠴᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠯᠠᠪᠳᠠᠭᠤᠨ ᠢᠶᠠᠷ ᠪᠠᠶᠢᠭᠤᠯᠤᠨ᠎ᠠ᠃ ᠨᠢᠭᠡ ᠪᠦᠯᠦᠭ ︽ᠲᠤᠭᠴᠢ︾ ᠬᠢᠲᠠᠳ ︵ᠮᠣᠩᠭᠤᠯ︶ ᠤᠨ ᠡᠮᠨᠡᠯᠭᠡ ᠶᠢᠨ ᠬᠤᠷᠢᠶ᠎ᠠ ᠶᠢᠨ ᠰᠠᠯᠠᠭ᠎ᠠ ᠲᠠᠰᠤᠭ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠭᠤᠣᠯᠳᠠᠯᠭ᠎ᠠ ᠲᠠᠢ ᠪᠣᠶ ᠪᠣᠯᠭᠠᠵᠤ᠂ ᠬᠢᠲᠠᠳ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠮᠡᠷᠭᠡᠵᠢᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠤᠨ᠎ᠠ᠃ ᠡᠮᠴᠢᠯᠡᠭᠡᠨ ᠤ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠶᠤᠨᠲᠤ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠪᠠ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠶᠢ ᠠᠬᠢᠭᠤᠯᠤᠨ᠂ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠯᠧᠺᠲᠷᠣᠨ ᠡᠪᠡᠳᠴᠢᠨ ᠤ ᠲᠡᠦᠬᠡ ᠶᠢᠨ ᠬᠡᠷᠡᠭᠯᠡᠭᠡᠨ ᠤ ᠲᠠᠰ ᠢ ᠳᠡᠭᠡᠭᠰᠢᠯᠡᠭᠦᠯᠵᠦ᠂ ᠣᠶᠤᠨᠲᠤ ᠡᠮᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ       ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠦᠨ᠎ᠡ᠃ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠱᠠᠲᠤ ᠬᠤᠪᠢᠶᠠᠨ ᠲᠦᠷᠦᠯ ᠬᠤᠪᠢᠶᠠᠨ ᠴᠢᠩᠭᠠᠳᠬᠠᠬᠤ ᠶᠢ ᠴᠢᠩᠭᠠᠳᠬᠠᠵᠤ᠂ ᠣᠨᠴᠠᠭᠠᠶ ᠬᠥᠮᠥᠰ ᠤᠨ ᠣᠯᠭᠤᠮᠵᠢ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠷᠭᠤᠭᠤᠯᠤᠨ ᠪᠤᠳᠤᠬᠤ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠲᠤᠬᠠᠶᠢᠯᠠᠭᠰᠠᠨ ᠠᠵᠢᠯ ᠢ ᠦᠨᠳᠦᠰᠦᠨ ᠱᠠᠲᠤᠨ ᠤ ᠲᠣᠣᠷ ᠴᠡᠭ ᠲᠤ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠬᠤ ᠶᠢ ᠢᠯᠭᠠᠷᠠᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠂ ︽ᠬᠤᠶᠠᠷ ᠬᠥᠲᠥᠯᠪᠦᠷᠢ︾ ᠶᠢᠨ ᠡᠭᠦᠷᠭᠡ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠠᠯᠪᠠᠨ  ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ᠂ ᠹᠧᠩ ᠲᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠣᠪᠣᠭ᠎ᠠ ᠶᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠢ ᠡᠵᠡᠩᠨᠡᠯᠲᠡ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ       ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠹᠦ᠋ ᠵᠢᠦᠢ ᠶᠢᠨ ᠡᠷᠲᠡᠨ ᠤ ᠬᠤᠳᠠ ᠶᠢᠨ ᠪᠠᠭᠤᠷᠢ ᠶᠢ ᠬᠠᠮᠠᠭᠠᠯᠠᠬᠤ᠂ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠪᠠ ᠰᠤᠳᠤᠯᠭᠠᠨ ᠢ ᠰᠠᠶᠢᠲᠤᠷ ᠬᠢᠵᠦ᠂ ᠤᠯᠤᠰ ᠤᠨ ᠲᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠲᠠᠨᠢᠯᠴᠠᠭᠤᠯᠤᠨ ᠮᠡᠳᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠳᠤᠭᠠᠴᠠᠯᠠᠭᠰᠠᠨ ᠪᠠᠶᠢᠭᠤᠯᠤᠯᠲᠠ ᠶᠢ ᠲᠦᠷᠭᠡᠳᠬᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠦᠯᠵᠢᠶᠡᠨ ᠳᠡᠭᠡᠷ᠎ᠡ ᠰᠣᠯᠢᠯᠴᠠᠭ᠎ᠠ ᠬᠢᠵᠦ ᠬᠠᠮᠲᠤ ᠪᠠᠷ ᠡᠭᠦᠳᠬᠦ ᠶᠢ ᠲᠦᠯᠬᠢᠨ ᠠᠬᠢᠭᠤᠯᠤᠨ᠎ᠠ᠃ ᠲᠠᠩᠰᠠ ᠡᠪᠬᠡᠮᠡᠯ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ   ᠢ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠣᠶᠣᠯ ᠤᠨ ᠣᠷᠳᠣᠨ᠂ ᠨᠣᠮ ᠤᠨ ᠰᠠᠩ  ᠢ ᠰᠢᠨ᠎ᠡ ᠭᠠᠵᠠᠷ ᠲᠤ ᠨᠡᠭᠦᠯᠭᠡᠬᠦ ᠶᠢ ᠲᠦᠷᠭᠡᠳᠬᠡᠨ ᠠᠬᠢᠭᠤᠯᠤᠨ᠎ᠠ᠃ ︽ᠨᠢᠭᠡ ᠨᠣᠮ ᠢ ᠬᠠᠮᠲᠤ ᠪᠠᠷ ᠤᠩᠰᠢᠬᠤ︾ ᠵᠡᠷᠭᠡ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ 50 ᠤᠳᠠᠭ᠎ᠠ ᠠᠴᠠ ᠳᠡᠭᠡᠭᠰᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ ᠬᠡᠪ ᠰᠤᠷᠲᠠᠯ ᠢ ᠰᠠᠨᠠᠭᠠᠴᠢᠯᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ 10  ᠠᠴᠠ ᠳᠡᠭᠡᠭᠰᠢ ᠪᠣᠶ ᠪᠣᠯᠭᠠᠬᠤ ᠪᠠᠷ ᠴᠢᠷᠮᠠᠶᠢᠵᠤ᠂ ᠰᠣᠶᠣᠯ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ 100  ᠠᠴᠠ ᠳᠡᠭᠡᠭᠰᠢ ᠲᠣᠭᠯᠠᠯᠲᠠ ᠭᠠᠷᠭᠠᠨ᠎ᠠ᠃ ︽ᠬᠤᠷᠴᠢᠨ ᠤ ᠦᠳᠡᠰᠢ︾ ᠳᠠᠭᠤᠤ ᠬᠥᠭᠵᠢᠮ ᠤᠨ ᠨᠠᠶᠢᠷ ᠢ ᠢᠳᠡᠪᠬᠢᠲᠡᠢ ᠪᠡᠯᠡᠳᠬᠡᠨ ᠡᠷᠭᠢᠯᠡᠵᠦ᠂ ᠳᠠᠭᠤᠤ ᠪᠥᠵᠢᠭᠲᠦ ᠵᠦᠴᠦᠭᠡ ︽ᠥᠩᠭᠡᠲᠦ ᠡᠭᠦᠯᠡ ᠪᠠᠭᠤᠭᠰᠠᠨ ᠭᠠᠵᠠᠷ︾ ᠤᠨ ᠠᠩᠬᠠᠨ ᠤ ᠲᠣᠭᠯᠠᠯᠲᠠ ᠪᠠᠨ ᠳᠠᠭᠤᠰᠬᠠᠬᠤ ᠶᠢ ᠲᠦᠯᠬᠢᠨ ᠠᠬᠢᠭᠤᠯᠤᠨ᠎ᠠ᠃ ᠲᠦᠩᠯᠢᠶᠣᠣ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠤᠨ       ︵ᠨᠠᠢᠮᠠ︶ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠯᠲᠠ ᠶᠢ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠰᠠᠬᠢᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠬᠦᠷᠢᠶ᠎ᠡ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠤᠨ᠎ᠠ᠃       ᠤᠯᠠᠨ ᠨᠡᠶᠢᠲᠡ ᠶᠢᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠵᠡᠷᠭᠡ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠷᠳᠤ ᠬᠤᠭᠤᠴᠠᠭ᠎ᠠ ᠪᠠᠷ ᠤᠷᠳᠤ ᠬᠤᠭᠤᠴᠠᠭ᠎ᠠ ᠪᠠᠷ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠲᠠ ᠴᠢᠩᠭ᠎ᠠ ᠪᠢᠲᠡᠭᠦᠦ ᠴᠠᠭᠠᠷᠢᠭ ᠢᠶᠠᠷ ᠠᠬᠢᠭᠤᠯᠤᠨ᠎ᠠ᠃ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ᠂ ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠪᠥᠬᠦ ᠲᠠᠯ᠎ᠠ ᠪᠠᠷ ᠴᠡᠪᠡᠷᠯᠡᠬᠦ ᠶᠢ ᠠᠬᠢᠭᠤᠯᠵᠤ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠭᠠᠯ ᠰᠡᠷᠭᠡᠶᠢᠯᠡᠬᠦ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠪᠣᠭᠤ ᠪᠠᠯᠭᠠᠰᠤ᠂ ᠴᠢᠩ ᠾᠧ ᠪᠠᠯᠭᠠᠰᠤ ᠵᠡᠷᠭᠡ 5 ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠲᠤᠶᠢᠯ ᠤᠨ ᠴᠠᠭ ᠠᠭᠤᠷ ᠢ ᠠᠷᠭᠠᠴᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠦᠩᠯᠢᠶᠣᠣ ᠶᠢᠨ ᠤᠯᠤᠰ ᠤᠨ ᠦᠨᠳᠦᠰᠦᠨ ᠴᠠᠭ ᠠᠭᠤᠷ ᠤᠨ ᠥᠷᠲᠡᠭᠡ ᠶᠢᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ  ᠠᠴᠠ ᠠᠪᠤᠷᠠᠬᠤ ᠠᠵᠢᠯ ᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶ᠎ᠡ ᠵᠡᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃       ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠥᠯᠢᠵᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠬᠤᠷᠴᠢᠨ ᠤ ᠥᠯᠢᠭᠡᠷ ᠳᠠᠭᠤᠷᠢᠶᠠᠯ ᠢ ᠲᠦᠷᠭᠡᠳᠬᠡᠨ ᠪᠣᠶ ᠪᠣᠯᠭᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠭᠦᠢᠴᠡᠳᠬᠡᠬᠦ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠣᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ︽ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠵᠡᠷᠭᠡ ᠡᠯ᠎ᠡ ᠲᠥᠷᠥᠯ ᠤᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠠᠩ ᠴᠢᠨᠠᠷ ᠰᠠᠶᠢᠲᠠᠢ ︽ᠠᠮᠤᠷ ᠠᠮᠤᠭᠤᠯᠠᠩ ᠬᠤᠷᠴᠢᠨ︾ ᠢ ᠪᠠᠶᠢᠭᠤᠯᠤᠨ᠎ᠠ᠃       ᠪᠦᠯᠬᠦᠮᠳᠡᠯ ᠲᠠᠢ ᠡᠶ᠎ᠡ ᠵᠣᠬᠢᠴᠠᠯ ᠲᠠᠢ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ᠎ᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ︽ᠠᠨᠠᠷ ᠤᠨ ᠦᠷ᠎ᠡ︾ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠢᠯᠡ ᠲᠥᠷᠥᠭᠳᠡᠯ ᠲᠠᠢ ᠪᠥᠭᠡᠳ ᠪᠦᠲᠦᠮᠵᠢᠲᠡᠶ ᠪᠠᠷ ᠪᠠᠲᠤ ᠪᠠᠬᠢ ᠪᠣᠶ ᠪᠣᠯᠭᠠᠵᠤ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠴᠣᠭᠴᠠᠯᠠᠨ᠎ᠠ᠃ ᠱᠠᠰᠢᠨ ᠰᠤᠷᠲᠠᠬᠤᠨ ᠤ ᠠᠵᠢᠯ ᠤᠨ ᠭᠤᠷᠪᠠᠨ ᠱᠠᠲᠤᠨ ᠤ ᠲᠣᠣᠷ ᠰᠦᠯᠵᠢᠶ᠎ᠡ ᠪᠠ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠪᠥᠭᠡᠳ ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ ᠠᠯᠳᠠᠷᠲᠤ ᠰᠡᠳᠬᠢᠯᠭᠡ᠂ ᠬᠦᠷᠲᠡᠮᠵᠢ ᠶᠢᠨ       ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ       ᠲᠦᠷᠦ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠮᠥᠨ᠃ ᠪᠢᠳᠡ ᠢᠮᠠᠭᠲᠠ ᠠᠷᠠᠳ ᠲᠦᠮᠡᠨ ᠢᠶᠠᠷ ᠬᠠᠮᠤᠭ ᠤᠨ ᠶᠡᠭᠡ ᠲᠦᠰᠢᠭ ᠲᠤᠯᠭᠠᠭᠤᠷᠢ ᠪᠣᠯᠭᠠᠵᠤ᠂ ᠠᠷᠠᠳ ᠤᠨ ᠰᠡᠳᠬᠢᠯ ᠢ ᠬᠠᠮᠤᠭ ᠤᠨ ᠶᠡᠭᠡ ᠤᠯᠤᠰ ᠲᠦᠷᠦ ᠪᠠᠷ ᠦᠵᠡᠵᠦ᠂ ᠠᠷᠠᠳ ᠤᠨ ᠠᠮᠢᠳᠤᠷᠠᠯ ᠢ ᠬᠠᠮᠤᠭ ᠤᠨ ᠶᠡᠭᠡ ᠬᠠᠷᠢᠭᠤᠴᠠᠯᠭ᠎ᠠ ᠪᠠᠨ ᠪᠣᠯᠭᠠᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠬᠡᠵᠦ᠂ ᠵᠠᠰᠠᠭ ᠤᠨ ᠣᠷᠳᠣᠨ ᠤ ᠦᠢᠯᠡᠳᠦᠯ ᠢ ᠭᠦᠢᠴᠡᠳ ᠢᠯᠡᠷᠡᠭᠦᠯᠵᠦ᠂ ᠵᠠᠰᠠᠭ ᠤᠨ ᠣᠷᠳᠣᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠴᠣ᠋ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠨ᠎ᠠ᠃       ︵ᠨᠢᠭᠡ︶ ᠨᠢᠭᠡ ᠰᠡᠳᠬᠢᠯ ᠢᠶᠠᠷ ᠨᠠᠮ ᠳᠠᠭᠠᠨ ᠬᠠᠨᠳᠤᠬᠤ᠂ ᠦᠨᠡᠨᠴᠢ ᠰᠢᠳᠤᠷᠭᠤ ᠪᠠᠶᠢᠬᠤ ᠵᠣᠷᠢᠭ ᠢᠶᠠᠨ ᠳᠠᠪᠲᠠᠨ ᠪᠣᠯᠪᠠᠰᠤᠷᠠᠭᠤᠯᠬᠤ ᠶᠢ ᠪᠠᠷᠢᠮᠲᠠᠯᠠᠨ᠎ᠠ᠃ ᠨᠠᠮ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠤᠬᠠᠮᠰᠠᠷ ᠠᠴᠠ ᠪᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠬᠦ ᠬᠡᠷᠡᠭᠲᠡᠢ᠃ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠲᠠᠢ ᠰᠡᠳᠬᠢᠯ ᠵᠢᠷᠦᠬᠡ ᠪᠠᠨ ᠬᠤᠯᠪᠣᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠨᠢᠭᠡ ᠰᠡᠳᠬᠢᠯ ᠢᠶᠠᠷ ᠠᠵᠢᠯ ᠪᠣᠳᠣᠯᠬᠢᠯᠠᠵᠤ᠂ ᠪᠦᠯᠬᠦᠮᠳᠡᠨ ᠬᠠᠮᠲᠤ ᠠᠵᠢᠯᠯᠠᠵᠤ᠂ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠵᠠᠰᠠᠭ ᠤᠨ ᠣᠷᠳᠣᠨ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠳᠤ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠂ ᠵᠠᠷᠯᠢᠭ ᠴᠠᠭᠠᠵᠠ ᠶᠢ ᠳᠠᠭᠠᠵᠤ᠂ ᠢᠮᠠᠭᠲᠠ ᠤᠭ ᠰᠠᠨᠠᠭ᠎ᠠ ᠪᠠᠨ ᠪᠠᠲᠤ ᠰᠠᠬᠢᠵᠤ᠂ ᠬᠦᠰᠡᠯᠡᠩ ᠢᠲᠡᠭᠡᠯ ᠪᠢᠰᠢᠷᠡᠯ ᠤᠨ ︽ᠤᠯᠤᠰ ᠲᠥᠷᠥ ᠶᠢᠨ ᠡᠪᠬᠡᠮᠡᠯ︾ ᠢ ᠰᠠᠶᠢᠲᠤᠷ ᠬᠠᠷᠢᠭᠤᠯᠬᠤ ᠬᠡᠷᠡᠭᠲᠡᠢ᠃       ︵ᠬᠤᠶᠠᠷ︶ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠭᠠᠪᠢᠶ᠎ᠠ ᠶᠢ ᠳᠠᠪᠲᠠᠨ ᠪᠣᠯᠪᠠᠰᠤᠷᠠᠭᠤᠯᠤᠨ᠎ᠠ᠃ ᠡᠭᠦᠷᠭᠡᠯᠡᠨ ᠪᠣᠳᠠᠲᠠᠢ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠪᠣᠭᠤᠮᠲᠠ ᠰᠢᠪᠲᠤᠯᠤᠨ ᠬᠦᠴᠢᠷ ᠢ ᠰᠢᠪᠲᠤᠯᠬᠤ︽ᠭᠤᠣᠯ ᠰᠢᠪᠲᠤᠯᠤᠭᠴᠢ︾ᠪᠣᠯᠵᠤ᠂ ᠬᠥᠳᠡᠭᠡ ᠲᠣᠰᠬᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠲᠤ ᠪᠠᠶᠢᠳᠠᠯ ᠢ ᠣᠶᠢᠯᠠᠭᠠᠵᠤ᠂ ᠲᠦᠷᠦᠯ ᠵᠦᠢᠯ ᠤᠨ ᠲᠤᠬᠠᠢ ᠶᠢᠨ ᠲᠠᠯᠠᠪᠤᠷ ᠲᠤ ᠣᠷᠣᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠣᠭᠲᠠᠭᠰᠠᠨ ᠬᠠᠨᠳᠤᠰᠢ ᠳᠤ ᠪᠠᠷᠢᠭᠳᠠᠬᠤ ᠦᠭᠡᠢ᠂ ᠤᠯᠠᠮᠵᠢᠯᠠᠯ ᠳᠤ ᠴᠢᠷᠦᠭᠳᠡᠬᠦ ᠦᠭᠡᠢ᠂ ᠲᠤᠷᠰᠢᠯᠭ᠎ᠠ ᠳᠤ ᠬᠦᠯᠢᠶᠡᠰᠦᠯᠡᠭᠳᠡᠬᠦ ᠦᠭᠡᠢ᠂ ᠬᠦᠴᠦᠯᠡᠨ ᠲᠡᠮᠡᠴᠡᠵᠦ᠂ ᠵᠣᠷᠢᠭᠲᠠᠢ ᠪᠠᠷ ᠠᠵᠢᠯᠯᠠᠵᠤ᠂ ᠥᠨᠳᠥᠷ ᠦᠷ᠎ᠡ ᠪᠦᠲᠦᠮᠵᠢ ᠪᠠᠷ ᠥᠨᠳᠥᠷ ᠶᠠᠰᠤ ᠴᠢᠨᠠᠷ ᠢ ᠣᠯᠵᠤ᠂ ᠲᠦᠷᠭᠡᠨ ᠠᠶᠢᠵᠠᠮ ᠢᠶᠠᠷ ᠲᠦᠷᠭᠡᠨ ᠬᠥᠭᠵᠢᠯᠲᠡ ᠶᠢ ᠰᠣᠯᠢᠵᠤ ᠠᠪᠴᠢᠷᠠᠬᠤ ᠬᠡᠷᠡᠭᠲᠡᠢ᠃ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠠᠷᠠᠳ ᠤᠨ ᠠᠮᠢᠳᠤᠷᠠᠯ ᠳᠤ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠳᠤ ᠬᠡᠯᠪᠡᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠳᠤ ᠪᠦᠷᠬᠦᠭᠦᠯᠬᠦ ᠶᠢ ᠠᠬᠢᠭᠤᠯᠵᠤ᠂ ᠤᠯᠠᠨ ᠲᠦᠮᠡᠨ ᠤ︽ᠪᠠᠴᠢᠮᠳᠠᠬᠤ ᠳᠤ ᠬᠦᠴᠢᠷᠳᠡᠬᠦ ᠳᠤ ᠵᠣᠪᠠᠭ᠋ᠤ︾ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ︽ᠰᠡᠳᠬᠢᠯ ᠵᠣᠪᠠᠭ᠋ᠤ ᠳᠤ ᠰᠡᠳᠬᠢᠯ ᠵᠣᠪᠠᠭ᠋ᠤ︾ᠶᠠᠪᠤᠳᠠᠯ ᠢ ᠰᠡᠳᠬᠢᠯ ᠰᠡᠳᠬᠢᠯ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠦᠨᠡᠨ ᠪᠣᠳᠠᠲᠠᠢ ᠰᠢᠨ᠎ᠡ ᠠᠮᠵᠢᠯᠲᠠ ᠪᠦᠲᠦᠮᠵᠢ ᠪᠠᠷ ᠢᠶᠠᠨ ᠪᠦᠬᠦ ᠣᠷᠣᠨ ᠤ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠢᠮᠠᠭᠲᠠ ᠠᠷᠠᠳ ᠤᠨ ᠰᠡᠳᠬᠢᠯ ᠢ ᠰᠠᠬᠢᠵᠤ᠂ ᠡᠭᠦᠷᠭᠡᠯᠡᠯ ᠢ ᠰᠠᠶᠢᠲᠤᠷ ᠬᠠᠷᠢᠭᠤᠯᠬᠤ ᠪᠠᠷ︽ᠬᠠᠷᠢᠭᠤᠴᠠᠯᠭ᠎ᠠ ᠶᠢᠨ ᠬᠠᠭᠤᠳᠠᠰᠤ︾ᠪᠣᠯᠭᠠᠬᠤ ᠬᠡᠷᠡᠭᠲᠡᠢ᠃       ︵ᠭᠤᠷᠪᠠ︶ ᠨᠢᠭᠡ ᠰᠡᠳᠬᠢᠯ ᠢᠶᠠᠷ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠭᠦᠨᠵᠡᠭᠡᠢ ᠬᠡᠷᠡᠭᠵᠢᠭᠦᠯᠵᠦ᠂ ᠲᠦᠷᠦᠭᠦᠯᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠨ᠎ᠡ᠃ ᠢᠯᠡ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ︽ᠢᠯᠡ ᠳᠦᠷᠢᠮ︾ ᠢ ᠢᠯᠡ ᠪᠣᠯᠭᠠᠨ᠂ ︽ᠲᠠᠯᠳᠠ ᠳᠦᠷᠢᠮ︾ ᠢ ᠡᠪᠳᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠤᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ ᠬᠠᠮᠠᠭᠠᠯᠠᠵᠤ᠂ ᠵᠠᠰᠠᠭ ᠤᠨ ᠣᠷᠳᠣᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠠᠴᠠ ᠣᠯᠭᠤᠭᠰᠠᠨ ᠡᠷᠬᠡ ᠶᠢ ᠠᠷᠠᠳ ᠲᠦᠮᠡᠨ ᠳᠤ ᠪᠤᠶᠠᠨ ᠦᠢᠯᠡᠳᠬᠦ ᠳᠤ ᠦᠨᠡᠨ ᠬᠦ ᠬᠡᠷᠡᠭᠯᠡᠵᠦ᠂ ᠢᠮᠠᠭᠲᠠ ᠭᠤᠣᠯᠴᠢ ᠰᠡᠳᠬᠢᠯ ᠢ ᠴᠢᠩᠭ᠎ᠠ ᠰᠠᠬᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ︽ᠵᠢᠷᠤᠮᠵᠢᠯ ᠤᠨ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ᠃       ︵ᠳᠥᠷᠪᠡ︶ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠠᠷᠢᠭᠤᠨ ᠴᠢᠬᠡᠴᠢ ᠶᠢᠨ ᠰᠠᠭᠤᠷᠢ ᠶᠢ ᠪᠠᠲᠤ ᠴᠣᠭᠴᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂︽ᠳᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠪᠢᠰᠢᠷᠡᠨ ᠵᠢᠷᠦᠬᠡᠰᠢᠶᠡᠬᠦ ᠰᠡᠳᠬᠢᠯ ᠢᠶᠠᠷ ᠡᠷᠬᠡ ᠶᠢᠨ ᠵᠠᠭᠠᠭ ᠬᠢᠵᠠᠭᠠᠷ ᠢ ᠰᠠᠶᠢᠲᠤᠷ ᠰᠠᠬᠢᠵᠤ᠂ ᠪᠡᠶ᠎ᠡ ᠪᠠᠨ ᠱᠠᠭᠠᠷᠳᠠᠬᠤ ᠪᠤᠰᠤᠳ ᠢ ᠱᠠᠭᠠᠷᠳᠠᠬᠤ ᠬᠠᠤᠯᠢ ᠪᠠᠷ ᠢᠯᠵᠢᠷᠡᠯ ᠢ ᠡᠰᠡᠷᠭᠦᠴᠡᠬᠦ ᠬᠠᠰᠢᠯᠭ᠎ᠠ ᠶᠢ ᠪᠠᠲᠤ ᠴᠣᠭᠴᠠᠯᠠᠨ᠎ᠠ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠶ ᠪᠣᠯᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠳ᠋ ᠤᠨ ᠵᠠᠰᠠᠭ ᠤᠨ ᠲᠥᠰᠥᠪ ᠤᠨ ᠭᠦᠢᠴᠡᠳᠭᠡᠯᠲᠡ ᠶᠢ ᠵᠢᠷᠤᠮᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠠᠵᠠᠷ ᠲᠤ ᠣᠷᠣᠭᠤᠯᠵᠤ᠂ ᠠᠵᠠ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠭᠠᠵᠠᠷ ᠲᠤ ᠬᠡᠷᠡᠭᠯᠡᠵᠦ᠂ ᠠᠷᠠᠳ ᠲᠦᠮᠡᠨ ᠳᠤ ᠦᠢᠯᠡᠴᠢᠯᠡᠬᠦ ᠶᠢᠨ ᠬᠠᠮᠤᠭ ᠡᠴᠦᠰ ᠤᠨ ᠨᠢᠭᠡ ᠺᠢᠯᠣᠮᠧᠲᠷ ᠲᠤ ᠵᠠᠷᠤᠴᠠᠭᠤᠯᠵᠤ᠂ ᠵᠠᠰᠠᠭ ᠤᠨ ᠣᠷᠳᠣᠨ ᠤ ᠠᠵᠢᠯᠯᠠᠭᠠᠨ ᠤ ᠵᠠᠷᠤᠯᠭ᠎ᠠ ᠶᠢᠨ ︽ᠬᠠᠰᠤᠬᠤ ᠠᠷᠭ᠎ᠠ︾ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ︽ᠨᠡᠮᠡᠬᠦ ᠠᠷᠭ᠎ᠠ︾ ᠶᠢ ᠦᠨᠡᠨ ᠬᠦ ᠰᠣᠯᠢᠵᠤ᠂ ᠢᠮᠠᠭᠲᠠ ᠰᠡᠳᠬᠢᠯ ᠰᠠᠨᠠᠭ᠎ᠠ ᠪᠠᠨ ᠠᠷᠢᠭᠤᠳᠬᠠᠵᠤ᠂ ᠰᠤᠷᠲᠠᠯ ᠴᠢᠬᠡᠴᠢ ᠣᠪᠣᠷ ᠲᠥᠪ ︽ᠠᠷᠢᠭᠤᠨ ᠴᠢᠬᠡᠴᠢ ᠶᠢᠨ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ᠃ ᠲᠥᠯᠥᠭᠡᠯᠡᠭᠴᠢᠳ ᠠ᠋᠂ ᠠᠶᠠᠨ ᠵᠠᠮ ᠬᠤᠯᠠ ᠪᠣᠯᠪᠠᠴᠤ ᠤᠳᠠᠯ ᠦᠭᠡᠢ ᠬᠦᠷᠴᠦ ᠢᠷᠡᠨ᠎ᠡ᠂ ᠠᠵᠢᠯ ᠶᠠᠪᠤᠳᠠᠯ ᠢ ᠬᠢᠬᠦ ᠳᠤ ᠪᠡᠷᠬᠡ ᠪᠣᠯᠪᠠᠴᠤ ᠯᠠᠪᠲᠠᠢ ᠪᠦᠲᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠥᠪᠥᠷ ᠮᠣᠩᠭᠤᠯ ᠤᠨ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ ᠠᠶᠠᠨ ᠵᠠᠮ ᠳᠤ ᠰᠢᠨ᠎ᠡ ᠡᠭᠦᠷᠭᠡᠯᠡᠯ ᠢᠶᠠᠨ ᠳᠡᠯᠭᠡᠨ ᠦᠵᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠦᠨ᠂ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠴᠠᠭ ᠦᠶ᠎ᠡ ᠶᠢᠨ ᠬᠤᠷᠴᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠨᠠᠩ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠨᠡᠷ᠎ᠡ ᠦᠭᠡ ᠶᠢᠨ ᠲᠠᠶᠢᠯᠪᠤᠷᠢ       1. ︽ᠨᠡᠮᠡᠭᠳᠡᠯ ᠴᠠᠬᠢᠯᠭᠠᠨ ᠲᠦᠭᠡᠭᠡᠯᠲᠡ︾᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠣᠯ ᠪᠣᠯᠭᠠᠭᠰᠠᠨ ᠬᠡᠰᠡᠭ ᠬᠡᠪᠴᠢᠶᠡᠨ ᠤ ᠴᠠᠬᠢᠯᠭᠠᠨ ᠲᠣᠣᠷ ᠢ ᠵᠢᠭᠠᠵᠤ᠂ ᠴᠠᠬᠢᠯᠭᠠᠨ ᠬᠦᠴᠦᠳᠡᠯ ‍ᠦᠨ‌‍ᠲ᠋ᠡᠰ ᠨᠢ 110 ᠺᠢᠯᠤᠸᠤᠯᠲ ᠪᠤᠶᠤ 220 ᠺᠢᠯᠤᠸᠤᠯᠲ ︵330 ᠺᠢᠯᠤᠸᠤᠯᠲ︶ ᠵᠢᠴᠢ ᠲᠡᠭᠦᠨ ᠠᠴᠠ ᠳᠣᠭᠤᠭᠰᠢ᠂ ᠲᠤᠬᠠᠢ ᠶᠢᠨ ᠭᠠᠵᠠᠷ ‍ᠦᠨ‌ᠤᠯᠤᠰ ᠤᠨ ᠴᠠᠬᠢᠯᠭᠠᠨ ᠬᠦᠴᠦᠨ ᠤ ᠺᠣᠮᠫᠠᠨᠢ ᠶᠢᠨ ᠤᠳᠤ ᠪᠠᠶᠢᠭ᠎ᠠ ᠬᠠᠳᠠᠭᠠᠯᠠᠵᠤ ᠪᠠᠶᠢᠭ᠎ᠠ ᠴᠠᠬᠢᠯᠭᠠᠨ ᠲᠦᠭᠡᠭᠡᠬᠦ ᠠ⌳ ᠬᠥᠷᠥᠩᠭᠡ ᠠᠴᠠ ᠭᠠᠳᠠᠨᠠᠬᠢ ᠰᠢᠨ᠎ᠡ ᠪᠠᠷ ᠨᠡᠮᠡᠭᠳᠡᠬᠦ ᠠᠴᠢᠶ᠎ᠠ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠨᠧᠷᠭᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠷᠣᠨ ᠪᠦᠰᠡ ᠶᠢᠨ ᠴᠠᠬᠢᠯᠭᠠᠨ ᠲᠦᠭᠡᠭᠡᠬᠦ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠴᠠᠬᠢᠯᠭᠠᠨ ᠪᠣᠷᠣᠯᠠᠭᠤᠯᠬᠤ ᠺᠣᠮᠫᠠᠨᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠲᠤ ᠨᠡᠶᠢᠴᠡᠭᠰᠡᠨ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠲᠦᠭᠡᠭᠡᠬᠦ ᠲᠣᠣᠷ  ᠤᠨ ᠠ⌳ ᠬᠥᠷᠥᠩᠭᠡ ᠶᠢᠨ ᠬᠠᠷᠢᠴᠠᠯᠠᠰᠢᠭᠦᠢ ᠬᠤᠪᠢ ᠡᠵᠡᠮᠳᠡᠬᠦ ᠡᠷᠬᠡ ᠲᠠᠢ ᠺᠣᠮᠫᠠᠨᠢ ᠠᠴᠠ ᠥᠷᠨᠢᠭᠦᠯᠦᠭᠰᠡᠨ ᠴᠠᠬᠢᠯᠭᠠᠨ ᠪᠣᠷᠣᠯᠠᠭᠤᠯᠬᠤ ᠲᠤᠬᠠᠶᠢᠯᠠᠭᠰᠠᠨ ᠠᠵᠢᠯ ᠪᠣᠯᠣᠨ᠎ᠠ᠃       2. ︽ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ︾᠄ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠪᠤᠶᠤ ᠪᠤᠰᠤᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠬᠥᠭᠵᠢᠯᠲᠡ ᠶᠢᠨ ᠲᠥᠪᠯᠡᠷᠡᠭᠰᠡᠨ ᠣᠷᠣᠨ ᠢ ᠵᠢᠭᠠᠵᠤ ᠪᠣᠶ᠂ ᠣᠷᠣᠨ ᠪᠦᠰᠡ ᠶᠢᠨ ᠳᠣᠲᠣᠷ᠎ᠠ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ ᠬᠠᠷᠢᠯᠴᠠᠨ ᠬᠤᠯᠪᠣᠭ᠎ᠠ ᠲᠠᠢ ᠣᠯᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠶᠤ ᠲᠥᠷᠥᠯ ᠵᠦᠢᠯ ᠢᠶᠠᠷ ᠪᠦᠷᠢᠯᠳᠦᠵᠦ᠂ ᠭᠠᠵᠠᠷ ᠵᠦᠢ ᠶᠢᠨ ᠵᠠᠭᠠᠭ ᠬᠢᠵᠠᠭᠠᠷ ᠪᠠ ᠬᠠᠮᠢᠶᠠᠷᠤᠯᠲᠠ ᠶᠢᠨ ᠭᠤᠣᠯ ᠴᠣᠭᠴᠠ ᠨᠢ ᠲᠣᠳᠣᠷᠬᠠᠢ᠂ ᠰᠠᠭᠤᠷᠢ ᠪᠡᠯᠡᠳᠬᠡᠮᠵᠢ ᠪᠠ ᠬᠠᠮᠢᠶᠠᠷᠤᠯᠲᠠ ᠶᠢᠨ ᠰᠢᠰᠲ᠋ᠧᠮᠵᠢ  ᠨᠢ ᠪᠦᠷᠢᠨ ᠪᠦᠲᠦᠨ᠃       3. ︽ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ︾᠄ ᠵᠣᠬᠢᠬᠤ ᠬᠤᠭᠤᠴᠠᠭᠠᠨ ᠤ ᠳᠣᠲᠣᠷ᠎ᠠ᠂ ᠨᠢᠭᠡ ᠤᠯᠤᠰ ︵ᠭᠠᠵᠠᠷ ᠣᠷᠣᠨ︶ ᠨᠢ ᠨᠢᠭᠡ ᠨᠢᠭᠡᠴᠢ ᠶᠢᠨ ᠤᠯᠤᠰ ᠤᠨ ᠳᠣᠲᠣᠭᠠᠳᠤ ︵ᠭᠠᠵᠠᠷ ᠣᠷᠣᠨ︶ ᠶᠢᠨ ᠦᠢᠯᠡᠳᠪᠦᠷᠢᠯᠡᠯ ᠤᠨ ᠪᠦᠬᠦ ᠦᠷᠳᠡᠭ ᠢ ᠦᠢᠯᠡᠳᠪᠦᠷᠢᠯᠡᠬᠦ ᠪᠦᠷᠢ ᠳᠤ ᠬᠡᠷᠡᠭᠯᠡᠬᠦ ᠡᠨᠧᠷᠭᠢ ᠶᠢᠨ ᠰᠤᠷᠪᠤᠯᠵᠢ ᠶᠢ ᠵᠢᠭᠠᠵᠤ ᠪᠠᠶᠢᠨ᠎ᠠ᠃       4. ︽ᠡᠮ ᠡᠮᠨᠡᠯᠭᠡ ᠶᠢᠨ ᠳᠠᠭᠠᠳᠬᠠᠯ ᠤᠨ DIP ᠳ᠋ᠦᠩᠨᠡᠨ ᠪᠤᠳᠤᠬᠤ ᠠᠷᠭ᠎ᠠ ᠮᠠᠶ᠋ᠢᠭ︾᠄ ᠵᠣᠬᠢᠬᠤ ᠣᠷᠣᠨ ᠪᠦᠰᠡ ᠶᠢᠨ ᠳᠣᠲᠣᠷ᠎ᠠ᠂ ᠡᠮᠴᠢᠯᠡᠭᠡᠨ ᠤ ᠲᠥᠷᠥᠯ ᠵᠦᠢᠯ᠂ ᠡᠪᠡᠳᠴᠢᠨ ᠤ ᠲᠥᠷᠥᠯ ᠵᠦᠢᠯ᠂ ᠣᠷᠣ ᠶᠢᠨ ᠡᠳᠦᠷ ᠵᠡᠷᠭᠡ ᠶᠢ ᠵᠣᠬᠢᠬᠤ ᠴᠡᠭ ᠪᠣᠯᠭᠠᠨ ᠬᠤᠪᠢᠷᠠᠭᠤᠯᠬᠤ ᠶᠢ ᠵᠢᠭᠠᠵᠤ ᠪᠣᠶ᠃ ᠤᠳᠤ ᠶᠢᠨ ᠲᠣᠭᠲᠠᠭᠠᠭᠰᠠᠨ ᠦᠨ᠎ᠡ ᠶᠢ ᠬᠠᠷᠠᠭᠠᠯᠵᠠᠭᠰᠠᠨ ᠴᠡᠭ ᠪᠣᠯᠭᠠᠨ ᠥᠭᠡᠷᠡᠴᠢᠯᠡᠵᠦ᠂ ᠬᠠᠮᠤᠭ ᠰᠡᠭᠦᠯ ᠳᠤ ᠲᠤᠰ ᠣᠷᠣᠨ ᠤ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡᠨ ᠤ ᠦᠢᠯᠡᠴᠢᠯᠡᠭᠡᠨ ᠤ ᠶᠡᠷᠦᠩᠬᠡᠢ ᠴᠡᠭ ᠤᠨ ᠲᠤᠭ᠎ᠠ ᠶᠢ ᠦᠨᠳᠦᠰᠦᠯᠡᠵᠦ᠂ ᠳᠠᠬᠢᠨ ᠲᠤᠬᠠᠢ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠲᠠᠢ ᠬᠠᠷᠠᠭᠠᠯᠵᠠᠭᠰᠠᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠦᠨᠳᠦᠰᠦᠯᠡᠵᠦ᠂ ᠴᠡᠭ ᠪᠦᠷᠢ ᠶᠢᠨ ᠲᠥᠯᠥᠭᠡᠯᠡᠬᠦ ᠥᠷᠲᠡᠭ ᠢ ᠪᠣᠳᠣᠨ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ ᠨᠢᠭᠡᠪᠦᠷᠢ ᠶᠢᠨ ᠬᠠᠮᠤᠭ ᠡᠴᠦᠰ ᠤᠨ ᠪᠣᠳᠠᠲᠠᠢ ᠣᠯᠣᠭᠰᠠᠨ ᠵᠣᠭᠤᠰ ᠤᠨ ᠲᠤᠭ᠎ᠠ ᠶᠢ ᠭᠠᠷᠭᠠᠨ᠎ᠠ᠃       5. ︽ᠨᠢᠭᠡ ᠬᠦᠰᠦᠨᠦᠭᠲᠦ  ᠶᠢᠨ ᠨᠡᠪᠲᠡᠷᠬᠡᠢ ᠪᠢᠴᠢᠭ︾ ᠲᠤ᠄ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠳᠤ ᠲᠦᠰᠢᠭᠯᠡᠨ᠂ ᠦᠨᠳᠦᠰᠦᠨ ᠱᠠᠲᠤᠨ ᠤ ︽ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠪᠠ ᠲᠤᠰᠬᠠᠢ ᠰᠡᠳᠦᠪᠲᠦ ᠬᠥᠮᠥᠷᠭᠡ ᠪᠠᠷ ᠰᠠᠭᠤᠷᠢ ᠪᠣᠯᠭᠠᠭᠰᠠᠨ ︽ᠨᠢᠭᠡ ᠬᠦᠰᠦᠨᠦᠭᠲᠦ ᠶᠢ ᠨᠡᠪᠲᠡᠷᠡᠭᠦᠯᠬᠦ︾ ᠰᠢᠰᠲ᠋ᠧᠮ ᠢ ᠨᠢᠭᠡᠳᠦᠯᠲᠡᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠰᠠᠯᠠᠭ᠎ᠠ ᠮᠥᠴᠢᠷ ᠠᠴᠠ ᠰᠢᠶᠠᠩ ᠪᠠᠯᠭᠠᠰᠤ ᠪᠠ ᠵᠡᠭᠡᠯᠢ ᠭᠤᠳᠤᠮᠵᠢ ᠬᠦᠷᠲᠡᠯᠡᠬᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠤᠨ᠂ ᠦᠨᠳᠦᠰᠦᠨ ᠱᠠᠲᠤᠨ ᠤ ᠲᠤᠭ᠎ᠠ ᠪᠠᠷᠢᠮᠲᠠ ᠶᠢ ᠣᠯᠠᠨ ᠲᠠᠯ᠎ᠠ  ᠠᠴᠠ ᠮᠡᠳᠡᠭᠦᠯᠬᠦ᠂ ᠳᠠᠪᠬᠤᠷᠳᠠᠭᠤᠯᠤᠨ ᠮᠡᠳᠡᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠬᠦᠰᠦᠨᠦᠭ ᠲᠠᠭᠯᠠᠵᠤ ᠲᠤᠭ᠎ᠠ ᠮᠡᠳᠡᠭᠦᠯᠬᠦ ᠳᠠᠷᠤᠭᠠᠰᠤ ᠶᠢ ᠪᠠᠭᠠᠰᠬᠠᠨ᠂ ᠦᠨᠳᠦᠰᠦᠨ ᠱᠠᠲᠤᠨ ᠤ ᠵᠠᠰᠠᠬᠤ ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       6. ︽ᠣᠷᠣᠨ ᠲᠤᠭ᠎ᠠ ᠶᠢ ᠳᠠᠩᠰᠠᠯᠠᠭᠤᠯᠬᠤ ᠳᠦᠷᠢᠮ ᠤᠨ ᠬᠠᠮᠢᠶᠠᠷᠤᠯᠲᠠ︾᠄ ᠡᠮᠨᠡᠯᠭᠡ ᠶᠢᠨ ᠬᠤᠷᠢᠶ᠎ᠠ ᠨᠢ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠢ ᠲᠣᠭᠠᠨ ᠤ ᠬᠡᠪᠴᠢᠶᠡᠨ ᠳᠣᠲᠣᠷ᠎ᠠ ᠳᠠᠩᠰᠠᠯᠠᠭᠤᠯᠤᠭᠰᠠᠨ ᠠᠵᠢᠯᠲᠠᠨ ᠤ ᠲᠤᠭ᠎ᠠ ᠶᠢ ᠬᠡᠷᠡᠭᠯᠡᠬᠦ ᠲᠥᠯᠥᠪᠯᠡᠭᠡ ᠶᠢ ᠡᠵᠡᠨ ᠮᠡᠳᠡᠵᠤ ᠲᠣᠭᠲᠠᠭᠠᠬᠤ ᠮᠥᠷᠲᠡᠭᠡᠨ ᠳᠠᠩᠰᠠᠯᠠᠭᠤᠯᠤᠭᠰᠠᠨ ᠠᠵᠢᠯᠲᠠᠨ ᠪᠣᠯᠣᠨ ᠣᠷᠣᠨ ᠲᠤᠭ᠎ᠠ ᠳᠤ ᠪᠠᠶᠢᠭ᠎ᠠ ᠠᠵᠢᠯᠲᠠᠨ ᠤ ᠠᠳᠠᠯᠢ ᠠᠵᠢᠯ ᠤᠨ ᠪᠠᠶᠢᠷᠢ ᠳᠤ ᠠᠳᠠᠯᠢ ᠬᠥᠯᠥᠰᠦ ᠣᠯᠭᠤᠮᠵᠢ ᠠᠳᠠᠯᠢ ᠬᠠᠷᠠᠭᠠᠯᠵᠠᠯ ᠦᠵᠡᠭᠦᠯᠬᠦ‍ ᠨᠢᠭᠡ ᠵᠦᠢᠯ ᠤᠨ ᠠᠵᠢᠯᠲᠠᠨ ᠤ ᠬᠠᠮᠢᠶᠠᠷᠤᠯᠲᠠ ᠶᠢᠨ ᠳᠦᠷᠢᠮ᠃       7. ︽ᠮᠢᠩᠭᠠᠨ ᠲᠦᠮᠡ ᠶᠢᠨ ᠢᠨᠵᠧᠨᠧᠷᠢᠩ︾᠄ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠂ ᠡᠨᠡ ᠪᠣᠯ ᠵᠧᠵᠢᠶᠠᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠤ ᠦᠨᠳᠦᠰᠦᠨ ᠱᠠᠲᠤᠨ ᠤ ᠬᠥᠳᠡᠭᠡ ᠲᠣᠰᠬᠤᠨ ᠳᠠᠬᠢ ᠠᠮᠵᠢᠯᠲᠠᠲᠠᠢ ᠦᠢᠯᠡᠳᠦᠯᠭᠡ ᠮᠥᠨ᠃       8. ︽ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ︾᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ‌‍ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢᠨ ᠦᠨᠡᠯᠡᠬᠦ ᠪᠠᠷᠢᠮᠵᠢᠶ᠎ᠠ ᠶᠢ ᠦᠨᠳᠦᠰᠦᠯᠡᠨ᠂ ᠣᠨ ᠤ ᠦᠢᠯᠡᠳᠬᠦᠨ‌‍ᠤ ᠥᠷᠳᠡᠭ ᠨᠢ 240 ᠳᠥᠢᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠬᠤᠪᠢᠶᠠᠬᠤ ᠶᠢ ᠵᠢᠭᠠᠵᠤ ᠪᠤᠢ᠃       9. ︽ᠨᠣᠭᠤᠭᠠᠨ ᠴᠠᠬᠢᠯᠭᠠᠨ ᠢᠶᠠᠷ ᠣᠷᠣᠯᠠᠭᠤᠯᠬᠤ︾᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ  ᠨᠢ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠢ ᠥᠪᠡᠰᠦᠪᠡᠨ ᠪᠠᠶᠢᠭᠤᠯᠬᠤ᠂ ᠨᠣᠭᠤᠭᠠᠨ ᠴᠠᠬᠢᠯᠭᠠᠨ ᠤ ᠦᠨᠡᠮᠯᠡᠯ ᠬᠤᠳᠠᠯᠳᠤᠨ ᠠᠪᠬᠤ ᠪᠤᠶᠤ ᠡᠷᠬᠢᠨ ᠲᠣᠭᠤᠷᠢᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠣᠭᠤᠭᠠᠨ ᠴᠠᠬᠢᠯᠭᠠᠨ ᠢᠶᠠᠷ ᠣᠷᠣᠯᠠᠭᠤᠯᠬᠤ ᠶᠢ ᠪᠡᠶᠡᠯᠡᠭᠦᠯᠬᠦ ᠶᠢ ᠵᠢᠭᠠᠵᠤ ᠪᠣᠶ᠃       10. ︽ᠡᠬᠢ ᠰᠤᠷᠪᠤᠯᠵᠢ ᠶᠢ ᠲᠣᠣᠷ ᠲᠤ ᠣᠷᠣᠭᠤᠯᠤᠨ ᠨᠥᠭᠡᠴᠡᠯᠡᠬᠦ︾᠄ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠴᠠᠬᠢᠯᠭᠠᠨ ᠬᠦᠴᠦᠨ ᠤ ᠰᠢᠰᠲ᠋ᠧᠮ᠂ ᠳᠠᠭᠠᠭᠠᠴᠠ ᠪᠠ ᠡᠨᠧᠷᠭᠢ ᠬᠠᠳᠠᠭᠠᠯᠠᠬᠤ ᠰᠢᠰᠲ᠋ᠧᠮ ᠢ ᠬᠠᠷᠢᠯᠴᠠᠨ ᠤᠶᠠᠯᠳᠤᠭᠤᠯᠤᠭᠰᠠᠨ ᠤᠶᠦᠠ ᠤᠬᠠᠭᠠᠨ ᠤ ᠮᠡᠷᠭᠡᠵᠢᠯ ᠢ ᠵᠢᠭᠠᠵᠤ ᠪᠠᠶᠢᠨ᠎ᠠ᠂ ᠡᠭᠦᠨ ᠤ ᠵᠣᠷᠢᠯᠭ᠎ᠠ ᠨᠢ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠳᠣᠯᠭᠢᠶᠠᠯᠠᠬᠤ ᠴᠢᠨᠠᠷ ᠪᠠ ᠴᠠᠬᠢᠯᠭᠠᠨ ᠬᠦᠴᠦᠨ ᠤ ᠰᠢᠰᠲ᠋ᠧᠮ ᠤᠨ ᠳᠠᠭᠠᠭᠠᠴᠠ ᠶᠢᠨ ᠬᠡᠷᠡᠭᠴᠡᠭᠡ ᠵᠣᠬᠢᠴᠠᠯᠳᠤᠬᠤ ᠤᠶᠢᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ︽ᠡᠬᠢ ᠰᠤᠷᠪᠤᠯᠵᠢ︾ ᠭᠡᠳᠡᠭ ᠨᠢ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠡᠭᠦᠰᠬᠡᠭᠴᠢ ᠶᠢ ᠵᠢᠭᠠᠵᠤ ᠪᠠᠶᠢᠨ᠎ᠠ᠂ ︽ᠲᠣᠣᠷ︾ ᠭᠡᠳᠡᠭ ᠨᠢ ᠴᠠᠬᠢᠯᠭᠠᠨ ᠬᠦᠴᠦᠨ ᠤ ᠰᠢᠰᠲ᠋ᠧᠮ ᠤᠨ ᠴᠠᠬᠢᠯᠭᠠᠨ ᠬᠦᠷᠭᠡᠬᠦ ᠲᠣᠣᠷ ᠢ ᠵᠢᠭᠠᠵᠤ ᠪᠠᠶᠢᠨ᠎ᠠ᠂ ︽ᠴᠡᠨᠡᠭ︾ ᠭᠡᠳᠡᠭ ᠨᠢ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠵᠢᠭᠠᠵᠤ ᠪᠠᠶᠢᠨ᠎ᠠ᠂ ︽ᠬᠠᠳᠠᠭᠠᠯᠠᠬᠤ︾ ᠭᠡᠳᠡᠭ ᠨᠢ ᠡᠨᠧᠷᠭᠢ ᠬᠠᠳᠠᠭᠠᠯᠠᠬᠤ ᠰᠢᠰᠲ᠋ᠧᠮ ᠢ ᠵᠢᠭᠠᠵᠤ ᠪᠠᠶᠢᠨ᠎ᠠ᠃ ᠡᠬᠢ ᠰᠤᠷᠪᠤᠯᠵᠢ ᠶᠢᠨ ᠲᠣᠣᠷ ᠲᠤ ᠬᠠᠳᠠᠭᠠᠯᠠᠬᠤ ᠮᠡᠷᠭᠡᠵᠢᠯ ᠢᠶᠠᠷ ᠳᠠᠮᠵᠢᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠳᠣᠯᠭᠢᠶᠠᠯᠠᠬᠤ ᠴᠢᠨᠠᠷ ᠨᠢ ᠲᠡᠭᠰᠢ ᠭᠥᠯᠢᠭᠡᠷ ᠪᠠᠶᠢᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠨᠢ ᠬᠠᠷᠢᠨ ᠨᠡᠩ ᠠᠮᠢᠳᠤᠯᠢᠭ ᠪᠥᠭᠡᠳ ᠨᠠᠶᠢᠳᠠᠪᠤᠷᠢᠲᠠᠢ ᠪᠠᠶᠢᠳᠠᠭ᠃       11. ︽ᠪᠠᠷᠢᠮᠵᠢᠶ᠎ᠠ ᠲᠠᠢ ᠪᠠᠷ ᠰᠢᠯᠵᠢᠭᠦᠯᠦᠨ ᠬᠤᠳᠠᠯᠳᠤᠬᠤ︾᠄ ᠣᠷᠣᠨ ᠨᠤᠲᠤᠭ ᠤᠨ ᠵᠠᠰᠠᠭ ᠤᠨ ᠣᠷᠳᠣᠨ ︽ᠪᠠᠷᠢᠮᠵᠢᠶ᠎ᠠ︾ ᠶᠣᠰᠣᠭᠠᠷ ᠨᠥᠭᠡᠴᠡ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠬᠡᠷᠡᠭᠵᠢᠭᠦᠯᠵᠦ᠂ ︽ᠪᠠᠷᠢᠮᠵᠢᠶ᠎ᠠ︾ ᠲᠠᠢ ᠪᠠᠷ ᠰᠢᠯᠵᠢᠭᠦᠯᠦᠨ ᠬᠤᠳᠠᠯᠳᠤᠬᠤ ᠭᠠᠵᠠᠷ ᠰᠢᠷᠣᠢ ᠶᠢ ᠵᠢᠭᠠᠵᠤ ᠪᠠᠶᠢᠨ᠎ᠠ᠃ ᠠᠵᠤ ᠠᠬᠤᠶᠢᠯᠠᠯ ᠤᠳ ︽ᠪᠠᠷᠢᠮᠵᠢᠶ᠎ᠠ︾ ᠶᠣᠰᠣᠭᠠᠷ ᠭᠠᠵᠠᠷ ᠰᠢᠷᠣᠢ ᠬᠡᠷᠡᠭᠯᠡᠵᠦ᠂ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠪᠠᠷᠢᠮᠵᠢᠶ᠎ᠠ︾ ᠲᠠᠢ ᠬᠠᠷᠢᠴᠠᠭᠤᠯᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠪᠠᠷᠢᠮᠵᠢᠶ᠎ᠠ ᠶᠣᠰᠣᠭᠠᠷ ᠭᠠᠵᠠᠷ ᠰᠢᠷᠣᠢ ᠬᠢᠬᠦ᠂ ᠪᠠᠷᠢᠮᠵᠢᠶ᠎ᠠ ᠶᠣᠰᠣᠭᠠᠷ ᠭᠠᠵᠠᠷ ᠰᠢᠷᠣᠢ ᠬᠠᠩᠭᠠᠬᠤ᠂ ᠪᠠᠷᠢᠮᠵᠢᠶ᠎ᠠ ᠶᠣᠰᠣᠭᠠᠷ ᠭᠠᠵᠠᠷ ᠰᠢᠷᠣᠢ ᠬᠡᠷᠡᠭᠯᠡᠬᠦ᠂ ᠪᠠᠷᠢᠮᠵᠢᠶ᠎ᠠ ᠶᠣᠰᠣᠭᠠᠷ ᠭᠠᠵᠠᠷ ᠰᠢᠷᠣᠢ ᠬᠠᠮᠢᠶᠠᠷᠬᠤ︾ ᠰᠢᠯᠵᠢᠭᠦᠯᠦᠨ ᠬᠤᠳᠠᠯᠳᠤᠬᠤ ᠳᠦᠷᠢᠮ ᠢ ᠪᠣᠶ ᠪᠣᠯᠭᠠᠨ᠎ᠠ᠃       12. ︽ᠨᠢᠭᠡ ᠲᠣᠭᠤᠷᠢᠭ ᠨᠢᠭᠡ ᠪᠦᠰᠡ ᠳᠥᠷᠪᠡᠨ ᠬᠤᠳᠠᠯᠳᠤᠭᠠᠨ ᠤ ᠲᠣᠭᠤᠷᠢᠭ ᠨᠠᠢᠮᠠᠨ ᠵᠠᠬ᠎ᠠ ᠳᠡᠯᠭᠡᠭᠦᠷ︾᠄ ᠬᠤᠷᠴᠢᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢ ᠵᠢᠭᠠᠵᠤ ᠪᠣᠶ᠂ ︽ᠨᠢᠭᠡ ᠲᠣᠭᠤᠷᠢᠭ︾ ᠭᠡᠳᠡᠭ ᠨᠢ ᠭᠤᠣᠯ ᠬᠤᠲᠠ ᠶᠢᠨ ᠲᠣᠭᠤᠷᠢᠭ ᠤᠨ ᠰᠥᠨᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠵᠢᠭᠠᠵᠤ ᠪᠣᠶ︔ ︽ᠨᠢᠭᠡ ᠪᠦᠰᠡ ︾ ᠭᠡᠳᠡᠭ ᠨᠢ ᠪᠠᠷᠠᠭᠤᠨ ᠯᠢᠶᠣᠤᠾᠧ ᠭᠤᠣᠯ ᠤᠨ ᠡᠮᠦᠨ᠎ᠡ ᠡᠷᠭᠢ ᠶᠢᠨ ᠰᠡᠯᠡᠭᠦᠴᠡᠯ ᠬᠤᠳᠠᠯᠳᠤᠭ᠎ᠠ ᠵᠢᠭᠤᠯᠴᠢᠯᠠᠯ ᠤᠨ ᠠᠵᠤ ᠠᠬᠤᠢ ᠶᠢᠨ ᠪᠦᠰᠡ ᠶᠢ ᠵᠢᠭᠠᠵᠤ ᠪᠣᠶ︔ ︽ᠳᠥᠷᠪᠡᠨ ᠬᠤᠳᠠᠯᠳᠤᠭᠠᠨ ᠤ ᠲᠣᠭᠤᠷᠢᠭ︾ ᠭᠡᠳᠡᠭ ᠨᠢ ᠬᠤᠲᠠ ᠶᠢᠨ ᠲᠥᠪ ᠬᠤᠳᠠᠯᠳᠤᠭᠠᠨ ᠤ ᠲᠣᠭᠤᠷᠢᠭ᠂ ᠬᠤᠲᠠ ᠶᠢᠨ ᠵᠡᠭᠦᠨ ᠬᠡᠰᠡᠭ ᠤᠨ ᠬᠤᠳᠠᠯᠳᠤᠭᠠᠨ ᠤ ᠲᠣᠭᠤᠷᠢᠭ᠂ ᠬᠤᠲᠠ ᠶᠢᠨ ᠡᠮᠦᠨ᠎ᠡ ᠬᠡᠰᠡᠭ ᠤᠨ ᠬᠤᠳᠠᠯᠳᠤᠭᠠᠨ ᠤ ᠲᠣᠭᠤᠷᠢᠭ᠂ ᠬᠤᠲᠠ ᠶᠢᠨ ᠪᠠᠷᠠᠭᠤᠨ ᠬᠡᠰᠡᠭ ᠤᠨ ᠬᠤᠳᠠᠯᠳᠤᠭᠠᠨ ᠤ ᠲᠣᠭᠤᠷᠢᠭ ᠢ ᠵᠢᠭᠠᠵᠤ ᠪᠠᠶᠢᠨ᠎ᠠ ᡽︽ᠨᠠᠢᠮᠠᠨ ᠵᠠᠬ᠎ᠠ ᠳᠡᠯᠭᠡᠭᠦᠷ︾ ᠭᠡᠳᠡᠭ ᠨᠢ ᠠᠮᠢᠳᠤᠷᠠᠯ ᠤᠨ ᠬᠡᠷᠡᠭᠯᠡᠭᠡᠨ ᠤ ᠵᠦᠢᠯ᠂ ᠮᠠᠰᠢᠨᠲᠤ ᠲᠡᠷᠭᠡᠨ ᠤ ᠠᠷᠠᠯᠵᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠠᠮᠤ ᠪᠤᠳᠠᠭ᠎ᠠ ᠳᠤᠰᠤᠨ ᠤ ᠠᠷᠠᠯᠵᠢᠶ᠎ᠠ᠂ ᠴᠢᠯᠠᠭᠤᠨ ᠮᠠᠲ᠋ᠧᠷᠢᠶᠠᠯ᠂ ᠭᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ᠂ ᠰᠣᠶᠣᠭᠠᠯᠠᠭᠰᠠᠨ ᠴᠡᠴᠡᠭ ᠬᠤᠸᠠᠷ ᠵᠡᠷᠭᠡ ᠨᠠᠢᠮᠠᠨ ᠶᠡᠭᠡ ᠲᠤᠰᠬᠠᠢ ᠵᠠᠬ᠎ᠠ ᠳᠡᠯᠭᠡᠭᠦᠷ ᠢ ᠵᠢᠭᠠᠵᠤ ᠪᠠᠶᠢᠨ᠎ᠠ᠃       13. ︽ᠬᠤᠶᠠᠷ ᠦᠢᠯᠡᠰ ᠢ ᠠᠭᠤᠰᠤᠯᠴᠠᠭᠤᠯᠬᠤ︾᠄ ᠲᠡᠷᠢᠭᠦᠨ ᠤ ᠦᠢᠯᠡᠳᠬᠦ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠵᠤ᠂ ᠬᠤᠶᠠᠭᠤᠯᠠ ᠪᠠᠨ ᠤᠯᠠᠮᠵᠢᠯᠠᠯᠲᠤ ᠠᠵᠤ ᠦᠢᠯᠡᠰ ᠤᠨ ᠵᠠᠭᠠᠭ ᠬᠢᠵᠠᠭᠠᠷ ᠢ ᠡᠪᠳᠡᠵᠦ᠂ ᠬᠠᠷᠢᠯᠴᠠᠨ ᠰᠢᠭᠢᠳᠬᠦ᠂ ᠤᠯᠠᠷᠢᠬᠤ᠂ ᠤᠯᠠᠷᠢᠬᠤ᠂ ᠨᠡᠶᠢᠯᠡᠭᠦᠯᠬᠦ᠂ ᠡᠨᠧᠷᠭᠢ ᠣᠯᠭᠤᠬᠤ ᠵᠡᠷᠭᠡ ᠶᠢ ᠵᠢᠭᠠᠵᠤ᠂ ᠨᠠᠩ ᠥᠨᠳᠥᠷ ᠦᠷ᠎ᠡ ᠪᠦᠲᠦᠮᠵᠢ ᠲᠠᠢ᠂ ᠨᠠᠩ ᠥᠨᠳᠥᠷ ᠥᠷᠲᠡᠭ ᠲᠠᠢ ᠰᠢᠨ᠎ᠡ ᠦᠢᠯᠡᠳᠬᠦᠨ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠬᠤ ᠶᠠᠪᠤᠴᠠ ᠶᠢ ᠵᠢᠭᠠᠵᠤ ᠪᠣᠶ᠃       14. ︽ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ︾᠄ ᠵᠠᠰᠠᠭ ᠤᠨ ᠣᠷᠳᠣᠨ  ᠠᠴᠠ ᠳᠤᠮᠳᠠ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠳᠤ ᠬᠠᠩᠭᠠᠭᠰᠠᠨ ᠪᠠᠷᠢᠮᠵᠢᠶ᠎ᠠ ᠶᠢ ᠬᠢᠵᠠᠭᠠᠷᠯᠠᠨ ᠲᠣᠭᠲᠠᠭᠠᠭᠰᠠᠨ᠂ ᠦᠨ᠎ᠡ ᠬᠠᠩᠰᠢ ᠪᠤᠶᠤ ᠲᠦᠷᠢᠶᠡᠰᠦᠨ ᠮᠥᠩᠭᠦ ᠶᠢ ᠬᠢᠵᠠᠭᠠᠷᠯᠠᠨ ᠲᠣᠭᠲᠠᠭᠠᠭᠰᠠᠨ ᠣᠷᠣᠨ ᠰᠠᠭᠤᠴᠠ ᠶᠢ ᠵᠢᠭᠠᠵᠤ ᠪᠣᠶ᠃       15. ︽ᠠᠷᠪᠠᠨ ᠦᠭᠡᠢ︾ ᠶᠢᠨ ᠴᠢᠬᠤᠯᠠ ᠱᠠᠭᠠᠷᠳᠠᠯᠭ᠎ᠠ᠄ 2023 ᠣᠨ ᠤ 10 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠣᠷᠳᠣ ᠬᠤᠭᠤᠴᠠᠭ᠎ᠠ ᠪᠠᠷ ᠴᠢᠷᠮᠠᠶᠢᠵᠤ ᠪᠠᠶᠢᠭᠠᠳ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ︽ᠪᠣᠭᠤᠮᠢᠯᠠᠬᠤ ᠦᠭᠡᠢ ᠠᠪᠬᠤ ᠦᠭᠡᠢ᠂ ᠲᠦᠯᠬᠢᠬᠦ ᠦᠭᠡᠢ ᠤᠳᠠᠭᠠᠰᠢᠷᠠᠭᠤᠯᠬᠤ ᠦᠭᠡᠢ᠂ ᠮᠡᠬᠡᠯᠡᠬᠦ ᠦᠭᠡᠢ ᠨᠢᠭᠤᠬᠤ ᠦᠭᠡᠢ᠂ ᠬᠠᠷᠰᠢᠯᠠᠬᠤ ᠦᠭᠡᠢ᠂ ᠳᠤᠷ᠎ᠠ ᠪᠠᠷ ᠨᠢ ᠲᠠᠯᠪᠢᠬᠤ ᠦᠭᠡᠢ᠂ ᠥᠮᠥᠭᠯᠡᠬᠦ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃       16. ︽ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶︾ ᠶᠢᠨ ᠵᠠᠷᠤᠳᠠᠯ᠄ ᠲᠤᠭ᠎ᠠ ᠪᠦᠷᠢᠳᠬᠡᠯ ᠤᠨ ᠣᠨ ᠤ ᠪᠥᠬᠦ ᠨᠡᠶᠢᠭᠡᠮ ᠢᠶᠠᠷ ᠢᠶᠠᠨ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠳᠤ ᠪᠣᠳᠠᠲᠠᠢ ᠬᠡᠷᠡᠭᠯᠡᠬᠦ ᠵᠠᠷᠤᠳᠠᠯ ᠢ ᠵᠢᠭᠠᠵᠤ ᠪᠣᠶ᠃ ᠳᠠᠭᠠᠯᠳᠤᠭᠤᠯᠤᠯ᠄       ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ       1. ᠵᠢᠶᠠᠨ ᠭᠦᠸᠧ ᠵᠡᠭᠡᠯᠢ ᠭᠤᠳᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃       2. ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠤᠨ ᠲᠥᠷᠥᠯ ᠵᠦᠢᠯ᠃       3. ᠬᠤᠩ ᠰᠢᠩ ᠵᠡᠭᠡᠯᠢ ᠭᠤᠳᠤᠮᠵᠢ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ᠃       4. ᠰᠤᠮᠤ ᠪᠠᠯᠭᠠᠰᠤ ᠶᠢᠨ ᠭᠠᠯ ᠤᠨᠲᠠᠷᠠᠭᠠᠬᠤ ᠥᠷᠲᠡᠭᠡᠨ ᠤ ᠲᠥᠷᠥᠯ ᠵᠦᠢᠯ ︵ᠣᠷᠪᠣᠭ ᠪᠠᠯᠭᠠᠰᠤ᠂ ᠮᠤᠷᠤᠢ  ᠶᠢᠨ ᠰᠦᠮ᠎ᠡ ᠰᠤᠮᠤ᠂ ᠴᠢᠩ ᠾᠧ ᠪᠠᠯᠭᠠᠰᠤ︶᠃       5. ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠬᠤᠭᠤᠯᠠᠢ ᠶᠢᠨ ᠲᠣᠣᠷ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ᠃  
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号