ᠬᠤᠷᠴᠢᠨ ᠲᠣᠭᠤᠷᠢᠭ᠄ ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/15
     2023 ᠣᠨ ᠳᠤ᠂ ᠬᠤᠷᠴᠢᠨ ᠲᠣᠭᠤᠷᠢᠭ ᠤᠨ ᠬᠢᠨ ᠤᠷᠢᠳ ᠬᠤᠵᠢᠳ 53 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ᠂ 83 ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠭᠰᠡᠨ ᠪᠥᠭᠡᠳ ᠵᠡᠭᠡᠯᠢ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ ᠡᠨᠡ ᠵᠢᠯ᠂ ᠬᠤᠷᠴᠢᠨ ᠲᠣᠭᠤᠷᠢᠭ ᠤᠨ ᠬᠢᠨ 1.22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ︽ᠳᠤᠯᠠᠭᠠᠯᠠᠭ᠎ᠠ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠬᠦ ᠪᠠᠷ ᠲᠥᠯᠥᠪᠯᠡᠵᠦ᠂ ︽ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ ᠂  ᠬᠡᠷᠡᠭᠴᠡᠭᠡ ᠪᠠᠷ  ᠢᠯᠴᠢ ᠬᠠᠩᠭᠠᠬᠤ︾ ᠰᠢᠨ᠎ᠡ ᠬᠡᠯᠪᠡᠷᠢ ᠶᠢᠨ ᠣᠶᠤᠨᠴᠢ ᠪᠠᠷ ᠢᠯᠴᠢ ᠬᠠᠩᠭᠠᠵᠤ ᠳᠤᠯᠠᠭᠠᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠳᠤᠯᠠᠭᠠᠯᠠᠭ᠎ᠠ ᠶᠢᠨ ᠬᠤᠭᠤᠴᠠᠭ᠎ᠠ ᠠᠴᠠ ᠡᠮᠦᠨ᠎ᠡ ᠨᠡᠯᠢᠶᠡᠳ ᠲᠣᠪᠣᠶᠢᠮ᠎ᠠ ᠪᠠᠶᠢᠭ᠎ᠠ ᠢᠯᠴᠢ ᠬᠠᠩᠭᠠᠬᠤ ᠠᠰᠠᠭᠤᠳᠠᠯ ᠢ ᠪᠦᠬᠦᠨ ᠢ ᠰᠢᠢᠳᠪᠦᠷᠢᠯᠡᠬᠦ ᠪᠠᠷ ᠴᠢᠷᠮᠠᠶᠢᠵᠤ᠂ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号