ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠲᠥᠬᠦᠭᠡᠷᠦᠮᠵᠢᠲᠦ ᠲᠠᠷᠢᠶᠠᠯᠠᠩ ᠢ ᠬᠥᠳᠡᠭᠡ ᠠᠵᠤ | ᠠᠬᠤᠢ ᠶᠢᠨ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠰᠢᠪᠲᠤᠯᠤᠯᠲᠠ ᠶᠢᠨ ᠴᠡᠭ ᠪᠣᠯᠭᠠᠵᠤ᠂ ᠬᠥᠭᠵᠢᠯᠲᠡ ᠶᠢᠨ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ ᠶᠢᠨ | ᠳᠡᠮᠵᠢᠯᠭᠡ᠂ ᠡᠯᠧᠮᠧᠨ᠋ᠲ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠨᠢᠭᠡ | ᠴᠣᠭᠴᠠᠵᠢᠭᠤᠯᠤᠭᠰᠠᠨ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ | ᠬᠦᠴᠦᠯᠡᠨ ᠪᠠᠶᠢᠭᠤᠯᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠯᠠᠪᠳᠠᠭᠤᠨ ᠢᠶᠠᠷ | ᠠᠬᠢᠭᠤᠯᠵᠠᠢ᠃ 2023 ᠣᠨ ᠳᠤ᠂ ᠬᠤᠷᠴᠢᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠲᠥᠬᠦᠭᠡᠷᠦᠮᠵᠢᠲᠦ | ᠲᠠᠷᠢᠶᠠᠯᠠᠩ ᠤᠨ ᠲᠠᠯᠠᠪᠠᠶ 3060 ᠮᠦ ᠪᠠᠶᠢᠵᠤ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ 10 ᠲᠦᠮᠡᠨ ᠮᠦ ᠶᠢ | ᠳᠠᠪᠠᠪᠠ᠃ | |